4 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠷᠪᠠᠨ | ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 166 ᠳ᠋ᠤᠭᠠᠷ ᠤᠳᠠᠭᠠᠨ ᠤ ᠬᠤᠷᠠᠯ ᠵᠢᠴᠢ | ᠬᠤᠰᠢᠭᠤᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ᠂ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ | ᠠᠵᠢᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠬᠤ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ 3 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠲᠦᠷᠢᠮ︾ | ᠪᠣᠯᠤᠨ ᠰᠦᠨ ᠱᠣᠤ ᠴᠧᠩ ᠨᠥᠬᠦᠷ ᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ︶ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠠᠷᠢᠨ ᠲᠠᠩᠰᠠ︾᠂ ︽ | ᠳᠠᠯᠳᠠ ᠬᠤᠪᠢᠷᠠᠭᠰᠠᠨ ᠰᠤᠷᠳᠠᠯ ᠤᠨ ᠠᠰᠠᠭᠤᠳᠠᠯ ᠤᠨ ᠨᠠᠷᠢᠨ ᠲᠠᠩᠰᠠ︾ ᠶᠢᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠪᠣᠳᠠᠲᠠᠢ ᠠᠳᠬᠤᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠠᠬᠢᠭᠤᠯᠵᠤ᠂ ᠨᠡᠩ ᠰᠠᠶᠢᠨ | ᠰᠤᠷᠲᠠᠯ ᠢᠶᠠᠷ ᠥᠭᠡᠷᠡᠴᠢᠯᠡᠯᠲᠡ ᠬᠥᠭᠵᠢᠯᠲᠡ ᠳᠤ ᠬᠦᠴᠦ ᠨᠡᠮᠡᠵᠦ᠂ ᠠᠷᠠᠳ ᠤᠯᠠᠨ ᠳᠤ ᠪᠤᠶᠠᠨ ᠦᠢᠯᠡᠳᠬᠦ ᠬᠡᠷᠡᠭᠲᠡᠢ | ᠭᠡᠵᠦ ᠴᠢᠬᠤᠯᠠᠴᠢᠯᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠠᠭᠤᠷᠬᠠᠢ ᠶᠢᠨ ᠣᠷᠴᠢᠨ ᠲᠣᠭᠤᠷᠢᠨ ᠢ | ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ᠂ ᠥᠪᠡᠷᠲᠡᠭᠡᠨ ᠵᠠᠰᠠᠬᠤ ᠣᠷᠣᠨ ᠤ 2025 ᠣᠨ ᠤ ᠨᠢᠭᠡᠳᠦᠭᠡᠷ ᠤᠯᠠᠷᠢᠯ ᠳᠤ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ | ᠬᠤᠷᠠᠯ ᠤᠨ ᠵᠣᠷᠢᠭ ᠰᠠᠨᠠᠭ᠎ᠠ᠂ ︽ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ 2025 ᠣᠨ ᠤ | ᠠᠵᠢᠯ ᠤᠨ ᠲᠤᠬᠢᠷᠠᠭᠤᠯᠤᠯᠳᠠ︾ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠵᠧᠦ ᠴᠢᠶᠠᠩ ᠤᠨ 2025 ᠣᠨ ᠤ ᠨᠢᠭᠡᠳᠦᠭᠡᠷ ᠤᠯᠠᠷᠢᠯ ᠳᠤ ᠪᠤᠭᠤᠲᠤ ᠬᠤᠳᠠ ᠶᠢᠨ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ | ᠠᠵᠢᠯ ᠤᠨ ᠲᠣᠭᠲᠠᠴᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ | ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠦᠷᠦ ᠶᠢᠨ ᠪᠤᠳᠤᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ | ᠳᠠᠷᠤᠭᠠᠰᠤ ᠶᠢ ᠬᠥᠩᠭᠡᠷᠡᠭᠦᠯᠬᠦ ᠪᠠ ᠬᠥᠭᠵᠢᠭᠦᠯᠬᠦ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠴᠢᠬᠤᠯᠠᠴᠢᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ | ᠨᠠᠷᠢᠨ ᠲᠠᠩᠰᠠ ᠶᠢ ᠰᠣᠨᠣᠰᠤᠭᠰᠠᠨ ᠪᠥᠭᠡᠳ ᠰᠤᠳᠤᠯᠤᠨ ᠬᠢᠨᠠᠨ ᠵᠥᠪᠯᠡᠵᠦ᠂ ᠡᠭᠦᠷᠭᠡ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠶᠢ ᠴᠢᠩᠭᠠᠳᠬᠠᠵᠤ᠂ ᠭᠤᠣᠯᠳᠠᠯᠭ᠎ᠠ ᠶᠢ ᠠᠳᠬᠤᠵᠤ᠂ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠤᠨᠢᠨ ᠳᠡᠭᠡᠷ᠎ᠡ ᠨᠢ ᠬᠦᠴᠦᠯᠡᠵᠦ ᠬᠦᠴᠦ ᠪᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠣᠨ ᠤ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠪᠠᠶᠢᠳᠠᠯ ᠢ ᠰᠣᠨᠣᠰᠴᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠡᠵᠡᠮᠳᠡᠵᠦ᠂ ᠤᠬᠠᠭᠤᠯᠤᠨ ᠬᠥᠮᠦᠵᠢᠭᠦᠯᠵᠦ ᠬᠥᠲᠥᠯᠦᠨ | ᠵᠢᠯᠣᠭᠤᠳᠬᠤ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠳᠠᠯᠳᠠ ᠬᠡᠮ ᠢ | ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠠᠭᠤᠷᠬᠠᠢ᠂ ᠢᠨᠵᠧᠨᠧᠷᠢᠩ᠂ ᠵᠠᠮ ᠬᠠᠷᠢᠯᠴᠠᠭ᠎ᠠ | ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ | ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠲᠤᠮᠤ ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠠᠩᠬᠠᠷᠴᠤ | ᠬᠥᠮᠦᠰ ᠤᠨ ᠠᠮᠤᠷ ᠲᠦᠪᠰᠢᠨ ᠤ ᠬᠥᠮᠦᠵᠢᠯ ᠪᠣᠯᠤᠨ ᠭᠠᠯ ᠤᠨᠲᠠᠷᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠪᠦᠬᠦ | ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠨ᠎ᠠ᠃ | ᠬᠤᠷᠠᠯ ᠠᠴᠠ ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠡᠯᠴᠢᠭᠡᠷᠯᠡᠭᠦᠯᠬᠦ ᠶᠢ ᠵᠤᠭᠰᠤᠭᠠᠵᠤ | ᠪᠡᠯᠴᠢᠭᠡᠷ ᠢ ᠠᠮᠠᠷᠠᠭᠤᠯᠬᠤ ᠪᠠ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ | ᠬᠢᠨᠠᠨ ᠵᠥᠪᠯᠡᠪᠡ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠨ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠣᠶ ᠰᠢᠭᠤᠶ ᠨᠤᠲᠤᠭ | ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠶ︔ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠤᠨ ᠠᠷᠭ᠎ᠠ ᠵᠠᠮ ᠢᠶᠠᠨ ᠥᠷᠭᠡᠳᠬᠡᠬᠦ ᠶᠢ ᠠᠬᠢᠭᠤᠯᠵᠤ | ᠂ ᠠᠮᠢ ᠠᠬᠤᠢ ᠶᠢᠨ ᠳᠠᠷᠤᠯᠲᠠ ᠶᠢ ᠨᠠᠮᠳᠠᠭᠤᠯᠤᠨ᠎ᠠ︔ ᠰᠤᠮᠤ ᠰᠢᠶᠠᠩ ᠪᠠᠯᠭᠠᠰᠤ ᠶᠢᠨ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠤᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠯᠲᠠ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025 ᠣᠨ ᠤ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢ | ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |