ᠲᠠᠷᠢᠶᠠᠨ ᠭᠠᠵᠠᠷ ᠲᠠᠬᠢ ᠪᠤᠤᠭᠢᠶ᠎ᠠ ᠮᠣᠳᠣ  ᠬᠤᠶᠠᠷ ᠦᠶ᠎ᠡ ᠶᠢᠨ ᠬᠦᠮᠦᠰ ᠤᠨ ᠲᠠᠷᠢᠶᠠᠯᠠᠩ ᠤᠨ ᠮᠠᠰᠢᠨ ᠤ ᠵᠡᠭᠦᠳᠦ
ᠨᠡᠶᠢᠲᠡᠯᠡᠭᠰᠡᠨ ᠴᠠᠭ᠄
2025/4/11
      ᠰᠢ ᠾᠧ ᠰᠢᠶᠠᠩ ᠤᠨ ᠴᠢᠶᠠᠨ ᠾᠧ ᠲᠣᠰᠬᠤᠨ ᠳᠤ ᠡᠶᠢᠮᠦ ᠨᠢᠭᠡ ᠬᠤᠣᠰ ᠡᠴᠢᠭᠡ ᠬᠥᠪᠡᠭᠦᠨ ᠲᠠᠢ᠂ ᠨᠢᠭᠡ ᠨᠢ ᠲᠣᠰᠬᠤᠨ ᠤ ︽ᠲᠠᠷᠢᠶᠠᠯᠠᠩ ᠤᠨ ᠮᠠᠰᠢᠨ ᠳᠤ  ᠴᠤᠯᠭᠤᠷᠠᠭᠰᠠᠨ ᠬᠦᠮᠦᠨ︾᠂ ᠨᠢᠭᠡ ᠨᠢ ᠲᠣᠰᠬᠤᠨ ᠤ ᠨᠠᠮ ᠤᠨ ᠬᠤᠷᠢᠶᠠᠨ ᠤ ᠳᠡᠳ᠋ ᠡᠷᠬᠢᠯᠡᠭᠴᠢ ; ᠨᠢᠭᠡ ᠨᠢ ᠲᠠᠷᠢᠬᠤ ᠮᠠᠰᠢᠨ ᠢ ᠤᠭᠰᠠᠷᠠᠭᠰᠠᠨ ᠡᠭᠦᠳᠦᠨ ᠨᠡᠭᠡᠭᠡᠭᠴᠢ᠂ ᠨᠢᠭᠡ ᠨᠢ ᠤᠳᠤ ᠦᠶ᠎ᠡ ᠶᠢᠨ ᠲᠠᠷᠢᠶᠠᠯᠠᠩ ᠤᠨ ᠵᠠᠯᠭᠠᠮᠵᠢᠯᠠᠭᠴᠢ ᠪᠣᠯᠤᠨ᠎ᠠ᠃ ᠲᠡᠳᠡ ᠤᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠨᠢᠭᠡ ᠰᠠᠭᠤᠷᠢ ᠰᠠᠭᠤᠷᠢ ᠲᠠᠷᠢᠬᠤ ᠮᠠᠰᠢᠨ ᠢ ᠲᠠᠷᠢᠶᠠᠨ ᠭᠠᠵᠠᠷ ᠲᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠠ ᠦᠭᠡᠢ ᠬᠥᠳᠡᠯᠭᠡᠬᠦ ᠬᠦᠴᠦᠨ ᠨᠡᠮᠡᠷᠢᠯᠡᠪᠡ᠃ ᠡᠨᠡ ᠬᠦ ᠲᠠᠷᠢᠶᠠᠯᠠᠩ ᠤᠨ ᠮᠠᠰᠢᠨ ᠤ ︽ᠪᠤᠤᠭᠢᠶ᠎ᠠ ᠮᠣᠳᠣ︾ ᠨᠢ ᠬᠤᠶᠠᠷ ᠦᠶ᠎ᠡ ᠶᠢᠨ ᠬᠥᠮᠦᠰ ᠤᠨ ᠬᠦᠰᠡᠯ ᠵᠡᠭᠦᠳᠦ ᠶᠢ ᠠᠴᠢᠶᠠᠯᠠᠭᠰᠠᠨ ᠢᠶᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠦᠰᠡᠯ ᠡᠷᠡᠮᠡᠯᠵᠡᠯ ᠢ ᠬᠥᠭᠵᠢᠭᠡᠭᠰᠡᠨ ᠪᠠᠶᠢᠨ᠎ᠠ᠃      ᠡᠳᠦᠷ ᠪᠦᠷᠢ ᠲᠡᠭᠷᠢ ᠭᠡᠭᠡᠷᠡᠪᠡᠯ᠂ ᠴᠠᠬᠢᠯᠭᠠᠨ ᠭᠠᠩᠨᠠᠯᠲᠠ ᠶᠢᠨ ᠳᠠᠭᠤᠨ᠂ ᠣᠭᠲᠣᠯᠣᠭᠰᠠᠨ ᠴᠢᠮᠡᠭᠡ᠂ ᠲᠡᠮᠦᠷ ᠲᠣᠨᠣᠭᠯᠠᠭᠠᠰᠤ ᠵᠡᠷᠭᠡ ᠶᠢᠨ ᠮᠥᠷᠭᠦᠯᠳᠦᠬᠦ ᠳᠠᠭᠤᠨ ᠰᠢ ᠾᠧ ᠰᠢᠶᠠᠩ ᠤᠨ ᠴᠢᠶᠠᠨ ᠾᠧ ᠲᠣᠰᠬᠤᠨ ᠤ ᠨᠢᠭᠡ ᠶᠡᠭᠡ ᠬᠦᠷᠢᠶᠡᠨ ᠠᠴᠠ ᠳᠠᠮᠵᠢᠭᠤᠯᠠᠭᠳᠠᠨ ᠢᠷᠡᠨ᠎ᠡ᠃  ᠡᠨᠡ ᠬᠦ ᠶᠠᠭᠠᠷᠠᠯᠲᠠᠶ  ᠳᠠᠭᠤᠨ ᠳᠤᠮᠳᠠ ᠨᠢᠭᠡ ᠰᠠᠭᠤᠷᠢ ᠰᠠᠭᠤᠷᠢ ᠲᠠᠷᠢᠬᠤ ᠮᠠᠰᠢᠨ ᠮᠡᠨᠳᠦᠯᠡᠵᠦ᠂ ᠥᠷᠭᠡᠨ ᠠᠭᠤᠳᠠᠮ ᠬᠡᠭᠡᠷ᠎ᠡ ᠲᠠᠯ᠎ᠠ ᠳᠤ ᠬᠦᠷᠦᠭᠰᠡᠨ ᠪᠠᠷ ᠪᠠᠷᠠᠬᠤ ᠦᠭᠡᠢ ᠡᠷᠭᠢᠨ ᠲᠤᠭᠤᠷᠢᠨ ᠤ ᠡᠯ᠎ᠡ ᠭᠠᠵᠠᠷ ᠲᠤ ᠪᠦᠷ ᠬᠦᠷᠦᠭᠰᠡᠨ ᠪᠠᠶᠢᠨ᠎ᠠ᠃      ᠭᠤᠴᠢᠭᠠᠳ ᠵᠢᠯ ᠤᠨ ᠡᠮᠦᠨ᠎ᠡ᠂ ᠯᠢᠦ ᠵᠢᠶᠦ᠋ᠨ ᠤ ᠠᠪᠤ ᠯᠢᠦ ᠼᠠᠢ ᠸᠠᠩ ᠪᠠᠰᠠ ᠨᠢᠭᠡᠨ ᠡᠩ ᠤᠨ ᠲᠠᠷᠢᠶᠠᠴᠢᠨ ᠪᠠᠶᠢᠵᠠᠢ᠂ ᠲᠤᠬᠠᠢ ᠶᠢᠨ ᠦᠶ᠎ᠡ ᠳᠤ ᠬᠥᠳᠡᠭᠡ ᠲᠣᠰᠬᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠨᠢ ᠬᠠᠷᠢᠴᠠᠩᠭᠤᠢ ᠪᠠᠷ ᠬᠤᠴᠣᠷᠤᠩᠭᠤᠢ ᠪᠠᠶᠢᠵᠤ᠂ ᠲᠠᠷᠢᠬᠤ ᠳᠤ ᠭᠤᠣᠯᠳᠠᠭᠤ ᠬᠥᠮᠥᠨ ᠤ ᠬᠦᠴᠦ ᠪᠠ ᠮᠠᠯ ᠤᠨ ᠬᠦᠴᠦᠨ ᠳᠤ ᠲᠦᠰᠢᠭᠯᠡᠵᠦ᠂ ᠦᠷ᠎ᠡ ᠠᠰᠢᠭ ᠨᠢ ᠳᠣᠣᠷ᠎ᠠ᠂ ᠥᠪᠡᠷ ᠤᠨ ᠦᠷᠳᠡᠭ ᠨᠢ ᠥᠨᠳᠥᠷ ᠪᠠᠶᠢᠵᠠᠢ᠃ ᠯᠢᠦ ᠼᠠᠢ ᠸᠠᠩ ᠬᠤᠷᠴᠠ ᠰᠡᠷᠭᠡᠭ ᠢᠶᠠᠷ ᠲᠠᠷᠢᠶᠠᠯᠠᠩ ᠤᠨ ᠮᠠᠰᠢᠨᠴᠢᠯᠠᠯᠲᠠ ᠪᠣᠯ ᠢᠷᠡᠭᠡᠳᠦᠢ ᠶᠢᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠮᠥᠨ ᠭᠡᠳᠡᠭ ᠢ ᠲᠠᠨᠢᠵᠤ᠂ ᠬᠦᠦ ᠯᠢᠦ ᠵᠢᠶᠦ᠋ᠨ ᠢᠶᠠᠨ ᠳᠠᠭᠠᠭᠤᠯᠤᠨ ᠭᠠᠳᠠᠷ ᠣᠷᠣᠨ ᠠᠴᠠ ᠲᠠᠷᠢᠬᠤ ᠮᠠᠰᠢᠨ ᠢ ᠣᠷᠣᠭᠤᠯᠵᠤ᠂ ᠲᠣᠰᠬᠤᠨ ᠤ ᠲᠠᠷᠢᠶᠠᠴᠢᠨ ᠡᠷᠦᠬᠡ ᠶᠢ ᠮᠧᠬᠠᠨᠢᠭᠵᠢᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠵᠢᠭᠰᠡᠨ ᠲᠠᠷᠢᠶᠠᠯᠠᠩ ᠤᠨ ᠪᠠᠶᠠᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃      ᠭᠡᠲᠡᠯ᠎ᠡ ᠴᠠᠭ ᠬᠤᠭᠤᠴᠠᠭᠠᠨ ᠤ ᠥᠩᠭᠡᠷᠡᠬᠦ ᠶᠢ ᠳᠠᠭᠠᠯᠳᠤᠨ᠂ ᠡᠳᠡᠭᠡᠷ ᠭᠠᠳᠠᠷ ᠣᠷᠣᠨ ᠠᠴᠠ ᠣᠷᠣᠭᠤᠯᠤᠭᠰᠠᠨ ᠲᠠᠷᠢᠬᠤ ᠮᠠᠰᠢᠨ ᠤ ᠭᠡᠮ ᠰᠣᠭᠤᠭ ᠴᠤ ᠠᠭᠠᠵᠢᠮ ᠢᠶᠠᠷ ᠢᠯᠡᠷᠡᠵᠦ᠂ ᠡᠳᠡᠭᠡᠷ ᠠᠰᠠᠭᠤᠳᠠᠯ ᠤᠨ ᠡᠮᠦᠨ᠎ᠡ᠂ ᠯᠢᠦ ᠼᠠᠢ ᠸᠠᠩ ᠬᠦᠦ ᠪᠠᠨ ᠳᠠᠭᠠᠭᠤᠯᠤᠨ ᠥᠪᠡᠷ ᠢᠶᠠᠨ ᠭᠠᠷ ᠬᠥᠳᠡᠯᠦᠨ ᠤᠭᠰᠠᠷᠠᠵᠤ᠂ ᠲᠤᠰ ᠭᠠᠵᠠᠷ ᠲᠤ ᠲᠣᠬᠢᠷᠠᠬᠤ ᠲᠠᠷᠢᠬᠤ ᠮᠠᠰᠢᠨ ᠢ ᠥᠭᠡᠷᠡᠴᠢᠯᠡᠨ ᠰᠠᠶᠢᠵᠢᠷᠠᠭᠤᠯᠬᠤ ᠪᠠᠷ ᠲᠣᠭᠲᠠᠪᠠ᠃ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠦᠭᠡᠢ ᠪᠣᠯ ᠲᠡᠳᠡ ᠥᠪᠡᠷ ᠢᠶᠠᠨ ᠲᠡᠮᠲᠡᠷᠬᠢᠯᠡᠵᠦ᠂ ᠲᠡᠷᠢᠭᠦᠨ ᠤ ᠲᠥᠬᠦᠭᠡᠷᠦᠮᠵᠢ ᠦᠭᠡᠢ ᠪᠣᠯ ᠲᠡᠳᠡ ᠬᠤᠶᠠᠷ ᠭᠠᠷ ᠲᠤ ᠪᠠᠨ ᠲᠦᠰᠢᠭᠯᠡᠨ ᠪᠠᠭ᠎ᠠ ᠪᠠᠭ᠎ᠠ ᠪᠠᠷ ᠰᠠᠶᠢᠵᠢᠷᠠᠭᠤᠯᠳᠠᠭ᠃ ᠣᠯᠠᠨ ᠤᠳᠠᠭᠠᠨ ᠤ ᠲᠤᠷᠰᠢᠯᠲᠠ ᠪᠠ ᠴᠢᠷᠮᠠᠶᠢᠯᠭ᠎ᠠ ᠪᠠᠷ ᠳᠠᠮᠵᠢᠨ᠂ ᠠᠪᠤ ᠬᠦᠦ ᠬᠤᠶᠠᠭᠤᠯᠠ ᠲᠤᠰ ᠭᠠᠵᠠᠷ ᠤᠨ ᠬᠥᠷᠥᠰᠥ ᠰᠢᠷᠣᠶ ᠪᠠ ᠲᠠᠷᠢᠮᠠᠯ ᠤᠨ ᠬᠡᠷᠡᠭᠴᠡᠭᠡ ᠳᠤ ᠲᠣᠬᠢᠷᠠᠮᠵᠢᠲᠠᠶ ᠲᠠᠷᠢᠬᠤ ᠮᠠᠰᠢᠨ ᠢ ᠠᠮᠵᠢᠯᠲᠠ ᠲᠠᠢ ᠪᠠᠷ ᠰᠤᠳᠤᠯᠤᠨ ᠪᠦᠲᠦᠭᠡᠪᠡ᠃ ᠲᠠᠷᠢᠬᠤ ᠮᠠᠰᠢᠨ  ᠨᠢ ᠬᠡᠷᠡᠭᠯᠡᠬᠦ ᠳᠤ ᠳᠥᠭᠦᠮ ᠳᠥᠲᠡ᠂ ᠳᠠᠷᠢᠬᠤ ᠨᠢ ᠵᠢᠭᠳᠡ ᠮᠦᠷᠲᠡᠭᠡᠨ ᠦᠷ᠎ᠡ ᠪᠦᠲᠦᠮᠵᠢ ᠶᠢᠨ ᠲᠠᠯ᠎ᠠ ᠪᠠᠷ ᠡᠮᠦᠨᠡᠬᠢ ᠲᠥᠬᠦᠭᠡᠷᠦᠮᠵᠢ ᠠᠴᠠ ᠬᠤᠯᠠ ᠳᠠᠪᠠᠵᠤ᠂ ᠲᠠᠷᠢᠶᠠᠴᠢᠨ ᠡᠷᠦᠬᠡ ᠶᠢᠨ ᠬᠥᠳᠡᠯᠮᠦᠷᠢ ᠶᠢᠨ ᠬᠦᠴᠦᠯᠡᠴᠡ ᠶᠢ ᠶᠡᠭᠡ ᠪᠠᠷ ᠬᠥᠩᠭᠡᠷᠡᠭᠦᠯᠵᠦ᠂ ᠲᠠᠷᠢᠮᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠡᠷᠡᠬᠡᠶ ᠬᠤᠷᠤᠭᠤ ᠭᠠᠷᠭᠠᠪᠠ᠃ ᠲᠡᠳᠡᠨ ᠤ ᠲᠠᠷᠢᠬᠤ ᠮᠠᠰᠢᠨ ᠨᠢ ᠲᠤᠰ ᠲᠣᠰᠬᠤᠨ ᠳᠤ ᠪᠣᠷᠣᠯᠠᠭᠤᠯᠬᠤ ᠪᠠᠷ ᠪᠠᠷᠠᠬᠤ ᠦᠭᠡᠢ ᠪᠠᠶᠠᠨᠨᠠᠭᠤᠷ ᠠᠶᠢᠮᠠᠭ᠂ ᠬᠥᠬᠡᠬᠤᠲᠠ᠂ ᠪᠤᠭᠤᠲᠤ ᠵᠡᠷᠭᠡ ᠭᠠᠵᠠᠷ ᠢᠶᠠᠷ ᠪᠣᠷᠣᠯᠠᠭᠤᠯᠵᠤ᠂ ᠵᠢᠯ ᠤᠨ ᠳᠤᠮᠳᠠᠴᠢ ᠪᠣᠷᠣᠯᠠᠭᠤᠯᠤᠯᠲᠠ ᠶᠢᠨ ᠬᠡᠮᠵᠢᠶ᠎ᠡ ᠨᠢ 200 ᠭᠠᠷᠤᠢ ᠰᠠᠭᠤᠷᠢ ᠪᠣᠯᠵᠠᠢ᠃ ︽ᠪᠢ ᠬᠦᠦ ᠲᠠᠢ ᠪᠠᠨ ᠲᠠᠷᠢᠬᠤ ᠮᠠᠰᠢᠨ ᠢ ᠰᠠᠶᠢᠵᠢᠷᠠᠭᠤᠯᠬᠤ ᠲᠠᠯ᠎ᠠ ᠪᠠᠷ ᠮᠠᠰᠢ ᠶᠡᠭᠡ ᠬᠦᠴᠦ ᠣᠷᠣᠭᠤᠯᠪᠠ᠂ ᠭᠡᠪᠡᠴᠦ ᠤᠯᠠᠨ ᠢᠶᠠᠷ ᠢᠶᠠᠨ ᠮᠠᠨ ᠤ  ᠲᠠᠷᠢᠬᠤ ᠮᠠᠰᠢᠨ ᠢᠶᠠᠷ ᠬᠦᠴᠦ ᠪᠠᠨ ᠠᠷᠪᠢᠯᠠᠬᠤ ᠮᠥᠷᠲᠡᠭᠡᠨ ᠣᠷᠣᠯᠭ᠎ᠠ ᠪᠠᠨ ᠨᠡᠮᠡᠭᠳᠡᠭᠦᠯᠬᠦ ᠶᠢ ᠦᠵᠡᠮᠡᠭᠴᠡ ᠪᠢᠳᠡ ᠮᠠᠰᠢ ᠪᠠᠶᠠᠷᠯᠠᠵᠤ ᠪᠠᠶᠢᠨ᠎ᠠ︾ ᠭᠡᠵᠦ ᠯᠢᠦ ᠵᠢᠶᠦ᠋ᠨ ᠤ ᠠᠪᠤ ᠯᠢᠦ ᠼᠠᠢ ᠸᠠᠩ ᠬᠡᠯᠡᠪᠡ᠃      ᠡᠳᠦᠭᠡ᠂ ᠯᠢᠦ ᠵᠢᠶᠦ᠋ᠨ ᠠᠪᠤ ᠶᠢᠨ ᠢᠶᠠᠨ ︽ᠪᠤᠤᠬᠢᠶ᠎ᠠ ᠮᠣᠳᠣ︾ ᠶᠢ ᠲᠤᠰᠴᠤ᠂ ᠰᠢᠨ᠎ᠡ ᠨᠢᠭᠡ ᠦᠶ᠎ᠡ ᠶᠢᠨ ︽ᠲᠠᠷᠢᠶᠠᠯᠠᠩ ᠤᠨ ᠮᠠᠰᠢᠨ  ᠳᠤ ᠴᠣᠯᠭᠤᠷᠠᠭᠰᠠᠨ ᠬᠦᠮᠦᠨ︾ ᠪᠣᠯᠬᠤ ᠶᠢᠨ ᠬᠠᠮᠲᠤ ᠲᠣᠰᠬᠤᠨ ᠤ ᠨᠠᠮ ᠤᠨ ᠬᠤᠷᠢᠶᠠᠨ ᠤ ᠳᠡᠳ᠋ ᠡᠷᠬᠢᠯᠡᠭᠴᠢ ᠪᠣᠯᠤᠭᠰᠠᠨ ᠤ ᠬᠤᠪᠢ ᠳᠤ᠂ ᠯᠢᠦ ᠵᠢᠶᠦ᠋ᠨ ᠢᠮᠠᠭᠲᠠ ᠨᠤᠲᠤᠭ ᠤᠨ ᠬᠥᠷᠰᠢ ᠵᠡᠷᠭᠡᠯᠡᠳᠡᠭᠡ ᠳᠤ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠲᠡᠷᠡ ᠲᠠᠷᠢᠬᠤ ᠮᠠᠰᠢᠨ ᠪᠣᠷᠣᠯᠠᠭᠤᠯᠬᠤ ᠪᠠᠷ ᠳᠠᠮᠵᠢᠨ ᠲᠠᠷᠢᠶᠠᠴᠢᠨ ᠡᠷᠦᠬᠡ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠦᠷᠭᠦᠯᠵᠢ ᠲᠣᠰᠬᠤᠨ ᠤ ᠠᠷᠠᠳ ᠲᠤ ᠲᠠᠷᠢᠶᠠᠯᠠᠩ ᠤᠨ ᠮᠠᠰᠢᠨ ᠬᠡᠷᠡᠭᠰᠡᠯ ᠢ ᠰᠡᠯᠪᠢᠨ ᠵᠠᠰᠠᠵᠤ᠂ ᠲᠠᠷᠢᠶᠠᠯᠠᠩ ᠤᠨ ᠮᠠᠰᠢᠨ ᠬᠡᠷᠡᠭᠯᠡᠬᠦ ᠤᠷ᠎ᠠ ᠮᠡᠷᠭᠡᠵᠢᠯ ᠢ ᠵᠢᠭᠠᠵᠤ ᠥᠭᠭᠦᠭᠰᠡᠨ ᠪᠠᠶᠢᠨ᠎ᠠ᠃ ᠲᠡᠭᠦᠨ ᠤ ᠳᠠᠭᠠᠭᠤᠯᠭ᠎ᠠ ᠳᠣᠣᠷ᠎ᠠ᠂ ᠴᠢᠶᠠᠨ ᠾᠧ ᠲᠣᠰᠬᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠲᠣᠰᠬᠤᠨ ᠤ ᠠᠷᠠᠳ ᠤᠨ ᠲᠠᠷᠢᠮᠠᠯ ᠤᠨ ᠦᠷ᠎ᠡ ᠪᠦᠲᠦᠮᠵᠢ ᠶᠡᠬᠡᠪᠡᠷ ᠳᠡᠭᠡᠭᠰᠢᠯᠡᠵᠦ᠂ ᠣᠷᠣᠯᠭ᠎ᠠ ᠴᠤ ᠳᠠᠭᠠᠯᠳᠤᠨ ᠨᠡᠮᠡᠭᠳᠡᠪᠡ᠃ ᠯᠢᠦ ᠵᠢᠶᠦ᠋ᠨ᠄ ︽ᠮᠠᠨ ᠤ ᠬᠦᠴᠦᠨ ᠢᠶᠠᠷ ᠳᠠᠮᠵᠢᠨ᠂ ᠨᠡᠩ ᠤᠯᠠᠨ ᠬᠥᠮᠦᠨ ᠳᠤ ᠳᠥᠭᠦᠮ ᠦᠵᠡᠭᠦᠯᠵᠦ᠂ ᠣᠷᠣᠯᠭ᠎ᠠ ᠶᠢ ᠨᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠂ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠢᠭᠡ ᠬᠤᠪᠢ ᠬᠦᠴᠦᠨ ᠨᠡᠮᠡᠷᠢᠯᠡᠵᠦ᠂ ᠲᠣᠰᠬᠤᠨ ᠤ ᠺᠠᠳ᠋ᠷ ᠪᠣᠯᠤᠭᠰᠠᠨ ᠤ ᠬᠤᠪᠢ ᠳᠤ᠂ ᠪᠢ ᠭᠠᠭᠴᠠᠭᠠᠷ ᠪᠠᠶᠠᠵᠢᠪᠠᠯ ᠪᠠᠶᠠᠵᠢᠨ᠎ᠠ ᠭᠡᠵᠦ ᠪᠣᠳᠣᠵᠤ ᠪᠣᠯᠬᠤ ᠦᠭᠡᠢ᠂ ᠨᠡᠩ ᠤᠯᠠᠨ ᠬᠥᠮᠦᠨ ᠪᠠᠶᠠᠵᠢᠪᠠᠯ ᠰᠠᠶ᠋ᠢ ᠪᠠᠶᠠᠵᠢᠭᠰᠠᠨ ᠲᠣᠭᠠᠨ ᠳᠤ ᠣᠷᠣᠨ᠎ᠠ᠂ ᠵᠠᠯᠭᠠᠭᠠᠳ ᠪᠢ ᠨᠡᠩ ᠤᠯᠠᠨ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠵᠤ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ︾ ᠭᠡᠵᠦ ᠬᠡᠯᠡᠪᠡ᠃      ᠯᠢᠦ ᠵᠢᠶᠦ᠋ᠨ ᠤ ᠳᠠᠭᠠᠭᠤᠯᠭ᠎ᠠ ᠳᠣᠣᠷ᠎ᠠ᠂ ᠴᠢᠶᠠᠨ ᠾᠧ ᠲᠣᠰᠬᠤᠨ ᠶᠠᠭ ᠲᠠᠷᠢᠶᠠᠯᠠᠩ ᠤᠨ ᠣᠳᠣᠬᠢᠴᠢᠯᠠᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠥᠭᠦᠮ ᠳᠥᠲᠡ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠬᠡᠭᠡᠷ᠎ᠡ ᠲᠠᠯ᠎ᠠ ᠳᠤ ᠬᠦᠩᠭᠢᠨᠡᠵᠦ᠂ ᠰᠢᠨᠵᠢᠯᠡᠬᠦ ᠤᠬᠠᠭᠠᠨᠴᠢ ᠲᠠᠷᠢᠮᠠᠯ ᠤᠨ ᠮᠡᠷᠭᠡᠵᠢᠯ ᠨᠢ ᠲᠠᠷᠢᠶᠠᠯᠠᠩ ᠤᠨ ᠦᠢᠯᠡᠳᠪᠦᠷᠢᠯᠡᠯ ᠢ ᠨᠡᠩ ᠥᠨᠳᠥᠷ ᠪᠦᠲᠦᠮᠵᠢᠲᠡᠢ ᠪᠣᠯᠭᠠᠵᠤ᠂ ᠲᠣᠰᠬᠤᠨ ᠤ ᠠᠷᠠᠳ ᠤᠨ ᠴᠢᠷᠠᠢ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠨ᠎ᠠ᠃ ᠢᠷᠡᠭᠡᠳᠦᠢ ᠳᠤ᠂ ᠡᠨᠡ ᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠨᠤᠲᠤᠭ ᠳᠡᠪᠢᠰᠬᠡᠷ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠠᠭᠠᠵᠢᠮ ᠢᠶᠠᠷ ᠳᠡᠯᠭᠡᠭᠳᠡᠵᠦ᠂ ᠯᠢᠦ ᠵᠢᠶᠦ᠋ᠨ ᠪᠣᠯᠤᠨ ᠲᠡᠭᠦᠨ ᠤ ᠨᠤᠲᠤᠭ ᠤᠨ ᠠᠬ᠎ᠠ ᠳᠡᠭᠦᠦ ᠨᠠᠷ ᠪᠣᠯ ᠶᠠᠭ ᠡᠨᠡ ᠵᠢᠷᠤᠭ ᠤᠨ ᠳᠣᠲᠣᠷᠠᠬᠢ ᠬᠠᠮᠤᠭ ᠤᠨ ᠰᠡᠳᠬᠢᠯ ᠬᠥᠳᠡᠯᠭᠡᠮ᠎ᠡ ᠦᠵᠡᠮᠵᠢ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号