ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠬᠤ ᠶᠢᠨ ᠲᠥᠯᠥᠭᠡ᠂ ᠡᠯ᠎ᠡ ᠱᠠᠲᠤᠨ ᠤ | ᠱᠠᠭᠠᠷᠳᠠᠯᠭ᠎ᠠ ᠶᠣᠰᠣᠭᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠳᠥᠷᠪᠡ ᠶᠢ ᠴᠢᠩᠭᠠᠳᠬᠠᠬᠤ︾ ᠶᠢ | ᠪᠠᠷᠢᠮᠲᠠᠯᠠᠵᠤ᠂ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ᠂ ᠨᠠᠮᠤᠭ ᠭᠠᠵᠠᠷ ᠤᠨ ᠨᠡᠶᠢᠳᠡᠮ | ᠪᠠᠶᠢᠴᠠᠭᠠᠯᠲᠠ ᠪᠠ ᠴᠦᠯᠡᠷᠭᠡᠭᠵᠢᠵᠦ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠠᠶᠢᠴᠠᠭᠠᠨ ᠬᠡᠮᠵᠢᠬᠦ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠵᠦ᠂ ᠣᠶ ᠰᠢᠭᠤᠶ ᠡᠪᠡᠰᠦ ᠪᠡᠯᠴᠢᠭᠡᠷ ᠨᠠᠮᠤᠭ ᠭᠠᠵᠠᠷ ᠤᠨ ︽ᠨᠢᠭᠡ ᠲᠤᠭ᠎ᠠ︾ ︽ᠨᠢᠭᠡ | ᠵᠢᠷᠤᠭ︾ ᠢ ᠬᠦᠴᠦᠯᠡᠨ ᠪᠠᠶᠢᠭᠤᠯᠪᠠ᠃ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠴᠢᠩᠭᠠᠳᠬᠠᠵᠤ᠂ ᠦᠵᠡᠯ ᠰᠠᠨᠠᠭ᠎ᠠ | ᠦᠢᠯᠡ ᠠᠵᠢᠯᠯᠠᠭ᠎ᠠ ᠪᠠᠨ ᠨᠢᠭᠡᠳᠬᠡᠨ᠎ᠡ᠃ ᠣᠶ ᠰᠢᠭᠤᠶ ᠡᠪᠡᠰᠦ ᠪᠡᠯᠴᠢᠭᠡᠷ ᠨᠠᠮᠤᠭ ᠭᠠᠵᠠᠷ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠪᠣᠯ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ᠂ ᠰᠠᠭᠤᠷᠢ | ᠴᠢᠨᠠᠷᠲᠠᠶ ᠠᠵᠢᠯ ᠮᠥᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ︽ | ᠬᠤᠶᠠᠷ ᠬᠠᠯᠬᠠᠪᠴᠢ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠳᠤ ᠰᠠᠭᠤᠷᠢᠯᠠᠵᠤ᠂ ᠣᠶ ᠰᠢᠭᠤᠶ | ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠭᠡ | ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠬᠠᠮᠢᠶᠠᠷᠤᠯᠲᠠ᠂ | ᠨᠢᠭᠡᠳᠦᠯᠲᠡᠶ ᠲᠠᠪᠴᠠᠩ᠂ ᠨᠢᠭᠡᠳᠦᠯᠲᠡᠶ ᠬᠡᠷᠡᠭᠯᠡᠯᠲᠡ︾ ᠭᠡᠬᠦ ᠵᠠᠷᠴᠢᠮ ᠲᠠᠢ ᠨᠢᠭᠲᠠ ᠤᠶᠠᠯᠳᠤᠭᠤᠯᠤᠨ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠢᠯᠪᠠᠷ ᠪᠤᠰᠤ ᠪᠠᠷ ᠢᠷᠡᠭᠰᠡᠨ | ᠲᠠᠪᠤᠳᠤᠭᠠᠷ ᠪᠦᠯᠦᠭ ᠤᠨ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠰᠢᠭᠤ︾ ᠶᠢᠨ ᠢᠷᠠᠭᠤ ᠠᠯᠳᠠᠷ ᠤᠨ ᠴᠣᠯᠠ ᠶᠢ ᠦᠨᠡᠨ ᠬᠦ ᠦᠷᠭᠦᠯᠵᠢᠯᠡᠨ ᠪᠠᠬᠢᠵᠢᠭᠦᠯᠦᠨ᠎ᠡ᠃ | ᠬᠤᠶᠠᠷ ᠲᠤ᠂ ᠤᠬᠠᠭᠤᠯᠤᠨ ᠵᠢᠯᠣᠭᠤᠳᠬᠤ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠠᠭᠤᠷ ᠠᠮᠢᠰᠬᠤᠯ ᠢ ᠪᠣᠶ ᠪᠣᠯᠭᠠᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠠᠵᠢᠯ ᠢ | ᠬᠢᠨᠠᠮᠠᠭᠠᠶ ᠰᠠᠶᠢᠲᠤᠷ ᠬᠢᠵᠦ᠂ ︽ᠪᠠᠭᠠᠲᠤᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ︾᠂ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ︾ ᠵᠡᠷᠭᠡ ᠸᠢᠴᠠᠲ ᠤᠨ ᠤᠯᠠᠨ | ᠨᠡᠶᠢᠲᠡ ᠶᠢᠨ ᠳ᠋ᠤᠭᠠᠷ ᠵᠢᠴᠢ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠵᠡᠷᠭᠡ ᠰᠦᠯᠵᠢᠶᠡᠨ ᠳᠡᠭᠡᠷ᠎ᠡ ᠪᠠ | ᠰᠦᠯᠵᠢᠶᠡᠨ ᠤ ᠭᠠᠳᠠᠭᠤᠷ ᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠬᠦ ᠪᠠᠷ ᠳᠠᠮᠵᠢᠭᠤᠯᠤᠨ᠂ ᠣᠶ ᠰᠢᠭᠤᠶ | ᠨᠤᠲᠤᠭ ᠪᠡᠯᠴᠢᠭᠡᠷ ᠨᠠᠮᠤᠭ ᠭᠠᠵᠠᠷ ᠤᠨ ᠴᠦᠯᠡᠷᠭᠡᠭᠵᠢᠯ ᠤᠨ ᠨᠡᠶᠢᠳᠡᠮ ᠪᠠᠶᠢᠴᠠᠭᠠᠯᠲᠠ ᠨᠢ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠥᠬᠦ ᠨᠡᠶᠢᠭᠡᠮ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠦᠨᠡᠨ ᠬᠦ ᠳᠡᠭᠡᠭᠰᠢᠯᠡᠭᠦᠯᠵᠦ᠂ | ᠨᠡᠶᠢᠭᠡᠮ ᠤᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠲᠣᠰ | ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠳᠤ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ | ᠮᠠᠨ ᠤ ᠬᠤᠰᠢᠭᠤ ᠬᠤᠪᠢᠳᠠᠨ ᠬᠠᠮᠢᠶᠠᠷᠬᠤ ᠳᠡᠳ᠋ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠲᠣᠪᠴᠢᠶᠠᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠂ 12 ᠰᠤᠮᠤ ᠰᠢᠶᠠᠩ ᠪᠠᠯᠭᠠᠰᠤᠨ ᠤ | ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠢᠶᠠᠷ ᠭᠡᠰᠢᠭᠦᠨ ᠪᠣᠯᠭᠠᠭᠰᠠᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠪᠥᠭᠡᠳ ᠳᠣᠤᠷ᠎ᠠ ᠨᠢ ᠳᠣᠲᠣᠭᠠᠳᠤ | ᠠᠵᠢᠯ ᠤᠨ ᠳᠤᠭᠤᠶᠢᠯᠠᠩ᠂ ᠭᠠᠳᠠᠭᠠᠳᠤ ᠠᠵᠢᠯ ᠤᠨ ᠳᠤᠭᠤᠶᠢᠯᠠᠩ ᠭᠡᠬᠦ 2 ᠠᠵᠢᠯᠯᠠᠬᠤ ᠳᠤᠭᠤᠶᠢᠯᠠᠩ ᠪᠠᠶᠢᠭᠤᠯᠵᠤ᠂ | ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠳᠥᠯᠭᠢᠨ ᠠᠬᠢᠭᠤᠯᠪᠠ᠃ ᠡᠭᠦᠨ ᠤ ᠬᠠᠮᠲᠤ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠨᠠᠮᠤᠭ ᠭᠠᠵᠠᠷ ᠤᠨ | ᠴᠦᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠨᠡᠶᠢᠳᠡᠮ | ᠪᠠᠶᠢᠴᠠᠭᠠᠯᠲᠠ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠤᠷᠢᠳ ᠬᠤᠵᠢᠳ ᠨᠡᠶᠢᠳᠡᠮ | ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ᠂ ᠲᠦᠭᠵᠢᠷᠡᠯ᠂ ᠰᠡᠵᠢᠭ ᠲᠠᠢ ᠠᠰᠠᠭᠤᠳᠠᠯ ᠢ | ᠲᠥᠪᠯᠡᠷᠡᠭᠦᠯᠦᠨ ᠰᠢᠢᠳᠪᠦᠷᠢᠯᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ | ᠪᠠᠲᠤᠯᠠᠪᠠ᠃ | ᠳᠥᠷᠪᠡ ᠳᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠪᠣᠬᠢᠷᠲᠤᠯ ᠥᠬᠡᠶ ᠭᠤᠶᠣ | ᠰᠠᠶᠢᠬᠠᠨ ᠰᠢᠨ᠎ᠡ ᠬᠠᠭᠤᠳᠠᠰᠤ ᠶᠢ ᠵᠢᠷᠤᠭᠯᠠᠨ᠎ᠠ᠃ ᠣᠶ ᠰᠢᠭᠤᠶ ᠡᠪᠡᠰᠦ ᠪᠡᠯᠴᠢᠭᠡᠷ ᠤᠨ ᠨᠠᠮᠤᠭ ᠭᠠᠵᠠᠷ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ | ᠮᠥᠴᠢᠷ ᠤᠳ ᠲᠤᠰᠬᠠᠶ ᠮᠡᠷᠭᠡᠵᠢᠯ ᠢᠶᠠᠷ ᠠᠬᠢᠭᠤᠯᠬᠤ ᠠᠵᠢᠯ ᠤᠨ ᠰᠡᠳᠬᠢᠮᠵᠢ ᠪᠠᠨ ᠪᠠᠷᠢᠮᠲᠠᠯᠠᠵᠤ᠂ ᠡᠬᠢ ᠪᠠᠶᠠᠯᠢᠭ ᠢ | ᠬᠠᠮᠤᠭ ᠤᠨ ᠶᠡᠭᠡ ᠪᠠᠷ ᠠᠰᠢᠭᠯᠠᠬᠤ᠂ ᠠᠰᠠᠭᠤᠳᠠᠯ ᠢ ᠲᠤᠬᠠᠶ ᠶᠢᠨ ᠭᠠᠵᠠᠷ ᠲᠤ ᠨᠢ ᠰᠢᠢᠳᠪᠦᠷᠢᠯᠡᠬᠦ ᠥᠨᠳᠥᠷ | ᠪᠦᠲᠦᠮᠵᠢᠲᠡᠶ ᠠᠵᠢᠯᠯᠠᠭᠠᠨ ᠢ ᠠᠯᠬᠤᠮ ᠠᠯᠬᠤᠮ ᠢᠶᠠᠷ ᠪᠡᠶᠡᠯᠡᠭᠦᠯᠦᠭᠰᠡᠭᠡᠷ ᠢᠷᠡᠵᠡᠶ᠃ ᠮᠠᠨ ᠤ ᠬᠤᠰᠢᠭᠤᠨ ᠤ | ᠲᠤᠰᠬᠠᠶ ᠮᠡᠷᠭᠡᠵᠢᠯ ᠤᠨ ᠠᠵᠢᠯᠲᠠᠨ ᠳᠤᠲᠠᠭᠳᠠᠵᠤ ᠪᠠᠶᠢᠭ᠎ᠠ ᠪᠣᠳᠠᠲᠠᠶ ᠪᠠᠶᠢᠳᠠᠯ ᠳᠤ ᠴᠢᠭᠯᠡᠭᠦᠯᠦᠨ᠂ ᠭᠤᠷᠪᠠᠳᠠᠬᠢ | ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠶ ᠤᠷᠢᠭᠰᠠᠨ ᠪᠥᠭᠡᠳ ᠳᠣᠲᠣᠭᠠᠳᠤ | ᠦᠢᠯᠡᠰ ᠤᠨ ᠬᠡᠷᠡᠭᠰᠡᠬᠦ ᠡᠯᠧᠺᠲᠷᠣᠨ ᠲᠤᠰᠬᠠᠯᠲᠠ ᠶᠢᠨ ᠲᠥᠬᠦᠭᠡᠷᠦᠮᠵᠢ᠂ ᠺᠣᠮᠫᠢᠦ᠋ᠲ᠋ᠧᠷ᠂ ᠲᠥᠪᠯᠡᠷᠡᠭᠦᠯᠦᠨ | ᠠᠵᠢᠯᠯᠠᠬᠤ ᠭᠠᠵᠠᠷ ᠵᠡᠷᠭᠡ ᠬᠦᠴᠦᠨ ᠵᠦᠢᠯ ᠪᠠ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠬᠡᠷᠡᠭᠰᠡᠬᠦ ᠭᠤᠷᠳᠢᠭ᠂ | ᠣᠷᠢᠶᠠᠮᠠᠯ ᠱᠤᠭᠤᠮ᠂ ᠲᠤᠯᠤᠭᠠᠶᠢᠯᠠᠭᠴᠢ ᠮᠣᠳᠣ᠂ ᠬᠠᠳᠤᠭᠤᠷ ᠵᠡᠷᠭᠡ ᠴᠢᠬᠤᠯᠠ ᠨᠥᠬᠦᠴᠡᠯ ᠢ ᠭᠤᠤᠯᠳᠠᠯᠭ᠎ᠠ ᠲᠠᠢ | ᠪᠠᠲᠤᠯᠠᠭ᠎ᠠ ᠳᠤ ᠣᠷᠣᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠠ ᠭᠠᠳᠠᠭᠠᠳᠤ ᠦᠢᠯᠡᠰ ᠤᠨ | ᠲᠤᠬᠠᠶ ᠶᠢᠨ ᠭᠠᠵᠠᠷ ᠲᠤ ᠲᠥᠪᠯᠡᠷᠡᠭᠦᠯᠦᠨ ᠠᠵᠢᠯᠯᠠᠬᠤ᠂ ᠲᠤᠰᠬᠠᠶᠢᠵᠢᠭᠤᠯᠤᠨ ᠠᠬᠢᠭᠤᠯᠵᠤ᠂ ᠳᠠᠪᠠᠭᠤᠯᠢᠭ ᠡᠬᠢ | ᠪᠠᠶᠠᠯᠢᠭ ᠢ ᠲᠥᠪᠯᠡᠷᠡᠭᠦᠯᠦᠨ ᠳᠣᠲᠣᠭᠠᠳᠤ ᠠᠵᠢᠯ ᠪᠠ ᠭᠠᠳᠠᠭᠠᠳᠤ ᠦᠢᠯᠡᠰ ᠤᠨ ᠬᠤᠶᠠᠷ ᠱᠤᠭᠤᠮ ᠢᠶᠠᠷ ᠬᠠᠮᠵᠢᠯᠴᠠᠨ | ᠪᠠᠶᠢᠯᠳᠤᠵᠤ᠂ ᠳᠣᠲᠣᠭᠠᠳᠤ ᠠᠵᠢᠯ ᠪᠠ ᠭᠠᠳᠠᠭᠠᠳᠤ ᠦᠢᠯᠡᠰ ᠤᠨ ᠠᠵᠢᠯ ᠤᠨ ᠬᠤᠪᠢᠶᠠᠷᠢᠯᠠᠯ ᠲᠣᠳᠣᠷᠬᠠᠶ ᠪᠥᠭᠡᠳ | ᠬᠠᠮᠵᠢᠯᠴᠠᠬᠤ ᠬᠡᠷᠡᠭᠲᠡᠶ᠃ | ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠨᠠᠮᠤᠭ ᠭᠠᠵᠠᠷ ᠤᠨ ᠨᠡᠶᠢᠳᠡᠮ ᠪᠠᠶᠢᠴᠠᠭᠠᠯᠲᠠ ᠳᠤ | ᠨᠡᠶᠢᠲᠡ 237641 ᠰᠠᠭᠤᠷᠢ ᠵᠢᠷᠤᠭ ᠪᠠᠭᠤᠯᠭᠠᠪᠠ᠃ ᠵᠢᠷᠤᠭ ᠤᠨ ᠲᠣᠯᠪᠤ ᠪᠠᠷ ᠳᠠᠮᠵᠢᠨ᠂ ᠣᠳᠣᠬᠠᠨ ᠳᠤ ᠪᠠᠭ᠎ᠠ | ᠠᠩᠭᠢ ᠶᠢᠨ ᠶᠡᠷᠦᠩᠬᠡᠶ ᠲᠤᠭ᠎ᠠ 160623 ᠬᠦᠷᠴᠦ᠂ ᠶᠡᠷᠦᠩᠬᠡᠶ ᠲᠠᠯᠠᠪᠠᠶ ᠨᠢ 748244.6858 ᠾᠧᠺᠲ᠋ᠠᠷ | ᠪᠠᠶᠢᠵᠤ᠂ ᠲᠤᠰᠬᠠᠶ ᠰᠡᠳᠦᠪᠲᠦ ᠲᠤᠭ᠎ᠠ ᠪᠠᠷᠢᠮᠲᠠ ᠶᠢ ᠵᠣᠯᠭᠠᠭᠤᠯᠬᠤ᠂ ᠵᠢᠷᠤᠭ ᠤᠨ ᠲᠣᠯᠪᠤ ᠶᠢᠨ ᠳᠣᠲᠣᠷᠠᠬᠢ | ᠠᠵᠢᠯ ᠤᠨ ᠣᠷᠣᠨ ᠤ ᠬᠤᠪᠢᠶᠠᠷᠢᠯᠠᠯ᠂ ᠬᠠᠷᠢᠶᠠᠲᠤ ᠴᠢᠨᠠᠷ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠬᠦ ᠵᠡᠷᠭᠡ | ᠠᠵᠢᠯ ᠤᠨ ᠡᠭᠦᠷᠭᠡ ᠶᠢ ᠨᠢᠭᠡᠨᠲᠡ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠨᠤᠲᠤᠭ | ᠳᠡᠪᠢᠰᠬᠡᠷ ᠤᠨ ︽ᠨᠢᠭᠡ ᠳᠡᠭᠡᠷ᠎ᠡ︾ ᠲᠤᠭ᠎ᠠ ᠪᠠᠷᠢᠮᠲᠠ ᠶᠢ ᠰᠢᠨᠡᠳᠬᠡᠬᠦ᠂ ᠬᠠᠷᠢᠶᠠᠲᠤ ᠴᠢᠨᠠᠷ ᠢ ᠵᠠᠰᠠᠪᠤᠷᠢ ᠣᠷᠣᠭᠤᠯᠬᠤ | ᠪᠠ ᠯᠣᠭᠢᠭ ᠤᠨ ᠪᠠᠶᠢᠴᠠᠭᠠᠯᠲᠠ ᠶᠢ ᠦᠷᠭᠦᠯᠵᠢᠯᠡᠨ ᠪᠡᠶᠡᠯᠡᠭᠦᠯᠵᠦ᠂ ᠤᠯᠤᠰ ᠤᠨ ᠶᠠᠰᠤ ᠴᠢᠨᠠᠷ ᠢ ᠰᠢᠯᠭᠠᠨ | ᠪᠠᠶᠢᠴᠠᠭᠠᠬᠤ ᠵᠥᠭᠡᠯᠡᠨ ᠲᠣᠨᠤᠭ ᠤᠨ ᠪᠠᠶᠢᠴᠠᠭᠠᠯᠲᠠ ᠪᠠᠷ ᠳᠠᠮᠵᠢᠭᠤᠯᠤᠨ᠂ ᠦᠷ᠎ᠡ ᠪᠦᠲᠦᠭᠡᠯ ᠢ ᠦᠢᠯᠡᠳᠬᠦ ᠪᠠᠷ | ᠴᠢᠷᠮᠠᠶᠢᠨ᠎ᠠ᠃ |