ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ᠡᠳᠦᠷ ᠪᠦᠷᠢ2 ᠴᠠᠭ ᠶᠡᠷᠦᠩᠬᠡᠶᠢᠯᠡᠭᠰᠡᠨ ᠪᠡᠶ᠎ᠡ ᠲᠠᠮᠢᠷ  ᠤᠨ ᠪᠣᠯᠪᠠᠰᠤᠷᠠᠯ ᠬᠢᠵᠦ︕ ᠰᠤᠷᠭᠠᠭᠤᠯᠢ ᠶᠢᠨ ᠬᠦᠷᠢᠶᠡᠨ ᠤ ᠠᠮᠢᠵᠢᠷᠠᠯ ᠤᠨ ᠬᠦᠴᠦᠨ ᠪᠦᠬᠦ ᠲᠠᠯ᠎ᠠ ᠪᠠᠷ ᠳᠡᠰ ᠳᠡᠪᠰᠢᠪᠡ
ᠨᠡᠶᠢᠲᠡᠯᠡᠭᠰᠡᠨ ᠴᠠᠭ᠄
2025/4/11
      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠪᠡᠶ᠎ᠡ ᠲᠠᠮᠢᠷ ᠤᠨ ᠠᠵᠢᠯᠯᠠᠭ᠎ᠠ ︽ᠴᠠᠭ ᠨᠡᠮᠡᠬᠦ︾ ᠮᠣᠳᠧᠯ ᠢ ᠡᠬᠢᠯᠡᠭᠦᠯᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ 2 ᠴᠠᠭ ᠤᠨ ᠶᠡᠷᠦᠩᠬᠡᠶᠢᠯᠡᠭᠰᠡᠨ ᠪᠡᠶ᠎ᠡ ᠲᠠᠮᠢᠷ ᠤᠨ ᠬᠥᠳᠡᠯᠭᠡᠭᠡᠨ ᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠢ ᠪᠠᠭᠤᠯᠭᠠᠭᠰᠠᠨ ᠤ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠬᠢᠴᠢᠶᠡᠯ ᠤᠨ ᠴᠠᠭ ᠨᠢ ᠪᠥᠬᠦ ᠲᠠᠯ᠎ᠠ ᠪᠠᠷ ᠲᠠᠰ ᠳᠡᠪᠰᠢᠵᠦ᠂ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠲᠠᠮᠢᠷ ᠤᠨ ᠠᠵᠢᠯᠯᠠᠭ᠎ᠠ ᠶᠢᠨ ᠴᠠᠭ ᠢ 2 ᠴᠠᠭ ᠠᠴᠠ ᠳᠤᠲᠠᠭᠤ ᠥᠬᠡᠶ ᠪᠠᠶᠢᠯᠭᠠᠬᠤ ᠶᠢ ᠦᠨᠡᠨ ᠬᠦ ᠪᠠᠲᠤᠯᠠᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ᠂ ᠬᠢᠴᠢᠶᠡᠯ ᠪᠠᠭᠤᠬᠤ ᠬᠤᠩᠬᠤ ᠶᠢᠨ ᠳᠠᠭᠤᠨ ᠴᠤᠤᠷᠢᠶᠠᠲᠤᠬᠤ ᠶᠢ ᠳᠠᠭᠠᠯᠳᠤᠨ᠂ ᠦᠳᠡ ᠶᠢᠨ ᠡᠮᠦᠨᠡᠬᠢ ᠶᠡᠭᠡ ᠬᠢᠴᠢᠶᠡᠯ ᠤᠨ ᠬᠤᠭᠤᠷᠣᠨᠳᠣᠬᠢ ᠬᠥᠳᠡᠯᠭᠡᠭᠡᠨ ᠬᠦᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠰᠤᠷᠤᠭᠴᠢᠳ ᠲᠡᠷᠢ ᠲᠡᠭᠰᠢ ᠷᠠᠳᠢᠣ᠋ ᠪᠡᠶ᠎ᠡ ᠲᠠᠮᠢᠷ ᠬᠢᠵᠦ᠂ ᠰᠤᠨᠵᠤ᠂ ᠨᠢᠷᠤᠭᠤ ᠪᠥᠬᠦ᠋ᠢᠵᠦ᠂ ᠬᠥᠯ ᠢᠶᠠᠨ ᠢᠰᠬᠦᠯᠵᠤ᠂ ᠬᠥᠳᠡᠯᠵᠦ ᠪᠠᠷᠢᠬᠤ ᠨᠢ ᠵᠢᠷᠤᠮᠵᠢᠯ ᠲᠠᠢ ᠪᠥᠭᠡᠳ ᠬᠦᠴᠦᠲᠡᠶ ᠪᠠᠶᠢᠳᠠᠭ᠃ ᠦᠳᠡ ᠶᠢᠨ ᠬᠤᠶᠢᠨ᠎ᠠ᠂ ᠠᠩᠭᠢ ᠶᠢᠨ ᠡᠷᠬᠢᠯᠡᠭᠴᠢ ︽ᠪᠡᠶ᠎ᠡ ᠲᠠᠮᠢᠷ ᠤᠨ ᠪᠠᠷᠢᠯᠳᠤᠯᠭ᠎ᠠ︾ ᠪᠣᠯᠵᠤ᠂ ᠣᠯᠠᠨ ᠶᠠᠩᠵᠤ ᠶᠢᠨ ᠪᠡᠶ᠎ᠡ ᠲᠠᠮᠢᠷ ᠤᠨ ᠬᠥᠳᠡᠯᠭᠡᠭᠡᠨ ᠨᠢ ᠲᠠᠮᠢᠷ ᠤᠨ ᠲᠠᠯᠠᠪᠠᠶ  ᠶᠢ ᠭᠱᠠᠨ ᠵᠠᠭᠤᠷ᠎ᠠ ᠬᠥᠷ ᠬᠥᠭᠵᠢᠶᠡᠨ ᠲᠠᠢ ᠪᠣᠯᠭᠠᠵᠤ᠂ ᠠᠩᠭᠢ ᠨᠢᠭᠡᠪᠦᠷᠢ ᠨᠢ ᠥᠪᠡᠷ ᠤᠨ ᠵᠢᠭᠠᠨ ᠲᠣᠭᠲᠠᠭᠠᠭᠰᠠᠨ ᠣᠷᠣᠨ ᠪᠦᠰᠡ ᠳᠤ ᠡᠯ᠎ᠡ ᠵᠦᠢᠯ ᠤᠨ ᠬᠥᠳᠡᠯᠭᠡᠭᠡᠨ ᠬᠢᠵᠦ᠂ ᠳᠡᠭᠡᠰᠦ ᠦᠰᠦᠷᠬᠦ᠂ ᠡᠯ᠎ᠡ ᠵᠦᠢᠯ ᠤᠨ ᠪᠥᠮᠪᠥᠭᠡᠨ ᠤ ᠲᠥᠷᠥᠯ᠂  ᠭᠤᠮ ᠳᠡᠭᠡᠰᠦ ᠦᠰᠦᠷᠬᠦ᠂ ᠲᠡᠪᠡᠭ ᠢᠰᠬᠦᠯᠬᠦ ᠵᠡᠷᠭᠡ ᠣᠯᠠᠨ ᠵᠦᠢᠯ ᠤᠨ ᠬᠥᠳᠡᠯᠭᠡᠭᠡᠨ ᠨᠢ ᠪᠦᠲᠦᠭᠡᠯᠴᠢ ᠴᠢᠨᠠᠷ ᠪᠠ ᠰᠣᠨᠢᠷᠬᠠᠯᠲᠤ ᠴᠢᠨᠠᠷ ᠲᠠᠢ ᠪᠠᠶᠢᠬᠤ ᠪᠠᠷ ᠪᠠᠷᠠᠬᠤ ᠦᠭᠡᠢ᠂ ᠰᠤᠷᠤᠭᠴᠢᠳ ᠪᠠᠰᠠ ᠥᠪᠡᠷ ᠤᠨ ᠰᠣᠨᠢᠷᠬᠠᠯ ᠢᠶᠠᠨ ᠦᠨᠳᠦᠰᠦᠯᠡᠨ ᠡᠯ᠎ᠡ ᠵᠦᠢᠯ ᠤᠨ ᠬᠥᠳᠡᠯᠭᠡᠭᠡᠨ ᠳᠤ ᠣᠷᠣᠯᠴᠠᠵᠤ᠂ ᠰᠤᠷᠤᠭᠴᠢᠳ ᠤᠨ ᠣᠷᠣᠯᠴᠠᠬᠤ ᠢᠳᠡᠪᠬᠢᠵᠢᠯ ᠢ ᠲᠦᠢᠯ ᠤᠨ ᠶᠡᠭᠡ ᠪᠠᠷ ᠨᠡᠮᠡᠭᠳᠡᠭᠦᠯᠦᠭᠰᠡᠨ ᠪᠠᠶᠢᠨ᠎ᠠ᠃ ︽ᠤᠳᠤ ᠪᠡᠶ᠎ᠡ ᠲᠠᠮᠢᠷ ᠤᠨ ᠬᠥᠳᠡᠯᠭᠡᠭᠡᠨ ᠤ ᠴᠠᠭ ᠨᠢ ᠨᠡᠮᠡᠭᠳᠡᠪᠡ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠬᠥᠯ ᠪᠥᠮᠪᠦᠭᠡ᠂ ᠰᠠᠭᠰᠤᠨ ᠪᠥᠮᠪᠦᠭᠡ ᠵᠡᠷᠭᠡ ᠬᠥᠳᠡᠯᠭᠡᠭᠡᠨ ᠤ ᠵᠦᠢᠯᠡᠰ ᠢ ᠰᠤᠷᠤᠯᠴᠠᠵᠤ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ ᠳᠡᠶᠢᠯᠦᠨ᠎ᠡ᠂ ᠪᠢᠳᠡ ᠮᠠᠰᠢ ᠪᠠᠶᠠᠷᠯᠠᠵᠤ ᠪᠠᠶᠢᠨ᠎ᠠ︾ ᠭᠡᠵᠦ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠴᠢ ᠵᠢᠶᠠ ᠢ ᠬᠡᠯᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠬᠡᠷᠬᠤᠳᠳᠤᠭ ᠪᠠᠯᠭᠠᠰᠤᠨ ᠤ ᠦᠬᠡᠷᠬᠤᠳᠳᠤᠭ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ᠂ ᠪᠠᠶᠠᠷᠯᠠᠨ ᠢᠨᠢᠶᠡᠯᠴᠡᠬᠦ ᠲᠠᠭᠤᠨ ᠪᠣᠯᠤᠨ ᠬᠠᠰᠬᠢᠷᠬᠤ ᠳᠠᠭᠤᠨ ᠴᠤᠤᠷᠢᠶᠠᠲᠤᠵᠤ᠂ ᠬᠡᠦᠬᠡᠳ ᠤᠳ ᠶᠠᠭ ᠬᠢᠴᠢᠶᠡᠯ ‍ᠤᠨ‌ᠵᠠᠪᠰᠠᠷ ‍ᠤᠨ‌ᠬᠤᠪᠢᠷᠠᠯᠲᠠ ᠠᠴᠠ ᠪᠣᠯᠤᠭᠰᠠᠨ ᠬᠥᠳᠡᠯᠭᠡᠭᠡᠨ ᠤ ᠴᠠᠭ ᠢ ᠡᠳ᠋ᠯᠡᠵᠦ ᠪᠠᠶᠢᠨ᠎ᠠ᠃ ᠲᠡᠭᠡᠰᠤ ᠦᠰᠦᠷᠬᠦ ᠳᠤ ᠠᠯᠳᠠᠨ ᠦᠩᠬᠡᠳᠠᠢ ᠨᠤᠮᠤᠨ ᠵᠢᠷᠤᠭᠠᠰᠣ ᠭᠠᠷᠴᠤ᠂ ᠭᠤᠮ ᠳᠡᠭᠡᠰᠦ ᠨᠢ ᠶᠠᠲᠤᠭ᠎ᠠ ᠰᠢᠭ᠋ ᠬᠦᠭᠵᠢᠶᠡᠨᠳᠠᠢ ᠪᠠᠶᠢᠵᠤ᠂ ᠪᠤᠳᠤᠭᠳᠤ ᠡᠯᠡᠰᠦᠨ ᠣᠭᠤᠲᠠ ᠤᠭᠳᠠᠷᠭᠤᠢ ᠳᠤ ᠭᠦᠷᠴᠤ ᠬᠠᠶᠠᠯᠲᠠ ᠶᠢᠨ ᠱᠤᠭᠤᠮ ᠤᠨ ᠲᠤᠤᠷ ᠰᠦᠯᠵᠢᠵᠤ᠂ ᠰᠦᠷ ᠵᠢᠪᠬᠤᠭ᠎ᠠ ᠰᠠᠯᠬᠢ ᠶᠢ ᠲᠠᠭᠠᠨ ᠰᠤᠷᠭᠠᠭᠤᠯᠢ ᠶᠢᠨ ᠬᠦᠷᠢᠶ᠎ᠠ ᠶᠢ ᠪᠦᠷᠬᠦᠵᠦ ᠪᠠᠶᠢᠳᠠᠭ᠃ ︽ᠪᠢ ᠣᠳᠣ 200 ᠦᠰᠦᠷᠴᠦ ᠴᠢᠳᠠᠨ᠎ᠠ︕︾ ᠭᠡᠵᠦ ᠨᠢᠭᠡ ᠰᠤᠷᠤᠭᠴᠢ ᠣᠮᠤᠷᠬᠠᠭ ᠪᠠᠷᠳᠠᠮ ᠢᠶᠠᠷ ᠰᠣᠷᠪᠤᠯᠵᠢᠯᠠᠭᠴᠢ ᠳᠤ ᠲᠡᠭᠦᠨ ᠤ ᠦᠷ᠎ᠡ ᠪᠦᠲᠦᠭᠡᠯ ᠢᠶᠠᠨ ᠬᠠᠷᠠᠭᠤᠯᠤᠭᠰᠠᠨ ᠪᠠᠶᠢᠨ᠎ᠠ᠃ ᠨᠥᠭᠦᠭᠡ ᠲᠠᠯ᠎ᠠ ᠳᠤ ᠨᠢ᠂ ᠬᠡᠳᠦᠨ ᠡᠮᠡᠭᠲᠡᠢ ᠰᠤᠷᠤᠭᠴᠢ ᠶᠠᠭ ᠭᠤᠮ ᠳᠡᠭᠡᠰᠦ ᠶᠢᠨ ᠳᠤᠮᠳᠠ ᠠᠮᠢᠳᠤᠯᠢᠭ ᠢᠶᠠᠷ ᠰᠦᠯᠵᠢᠯᠳᠦᠨ᠄ ︽ᠪᠢᠳᠡᠨ ᠲᠠᠪᠣᠭᠤᠯᠠ ᠰᠢᠨ᠎ᠡ ᠶᠠᠩᠵᠦ ᠮᠠᠶ᠋ᠢᠭ ᠢᠶᠠᠷ ᠦᠰᠦᠷᠴᠦ ᠴᠢᠳᠠᠨ᠎ᠠ︾ ᠭᠡᠵᠦ ᠪᠠᠷᠬᠢᠷᠠᠪᠠ᠃ ᠬᠡᠦᠬᠡᠳ ᠤᠳ ᠦᠷᠢᠰᠦᠯᠳᠦᠨ ᠲᠡᠮᠡᠴᠡᠵᠦ ᠲᠡᠳᠡᠨᠦᠰ ᠤᠨ ︽ᠠᠮᠵᠢᠯᠲᠠ ᠪᠦᠲᠦᠮᠵᠢ︾ ᠪᠠᠨ ᠬᠤᠪᠢᠶᠠᠯᠴᠠᠵᠤ᠂ ᠴᠢᠷᠠᠶ ᠳᠤ ᠨᠢ ᠢᠲᠡᠭᠡᠯ ᠳᠦᠭᠦᠷᠡᠩ ᠢᠨᠢᠶᠡᠮᠰᠦᠭᠯᠡᠯ ᠲᠣᠳᠣᠷᠠᠪᠠ᠃ ᠦᠬᠡᠷᠬᠤᠳᠳᠤᠭ ᠪᠠᠭ᠎ᠠ ᠰᠤᠷᠭᠠᠭᠤᠯᠢ ᠶᠢᠨ ᠰᠤᠷᠤᠭᠴᠢ ᠯᠦ ᠶᠠ ᠲᠢᠩ᠄ ︽ᠥᠩᠭᠡᠷᠡᠭᠰᠡᠨ ᠳᠤ ᠬᠢᠴᠢᠶᠡᠯ ᠤᠨ ᠵᠠᠪᠰᠠᠷ ᠲᠤ 10 ᠮᠢᠨᠦ᠋ᠲ ᠪᠠᠶᠢᠪᠠ᠂ ᠰᠠᠶ᠋ᠢᠬᠠᠨ ᠭᠦᠶᠦᠵᠦ ᠭᠠᠷᠤᠭᠠᠳ ᠨᠠᠭᠠᠳᠴᠤ ᠬᠠᠨᠤᠭᠠᠳᠤᠢ ᠪᠠᠷ ᠬᠢᠴᠢᠶᠡᠯ ᠤᠨ ᠭᠡᠷ ᠲᠤ ᠪᠠᠨ ᠬᠠᠷᠢᠵᠤ ᠢᠷᠡᠨ᠎ᠡ᠃ ᠣᠳᠣ ᠠᠷᠪᠠᠨ ᠲᠠᠪᠤᠨ ᠮᠢᠨᠦ᠋ᠲ ᠪᠣᠯᠲᠠᠯ᠎ᠠ ᠤᠷᠲᠤᠳᠬᠠᠵᠤ᠂ ᠰᠤᠯᠠ ᠲᠠᠯᠪᠢᠬᠤ ᠪᠠᠷ ᠪᠠᠷᠠᠬᠤ ᠦᠭᠡᠢ ᠪᠢᠴᠢᠬᠠᠨ ᠨᠠᠶᠢᠵᠠ ᠨᠠᠷ  ᠲᠠᠢ ᠪᠠᠨ ᠳᠡᠭᠡᠰᠦ ᠦᠰᠦᠷᠴᠦ᠂ ᠭᠤᠮ ᠳᠡᠭᠡᠰᠦ  ᠦᠰᠦᠷᠦᠨ᠂ ᠰᠤᠷᠤᠯᠴᠠᠬᠤ ᠳᠤ ᠨᠡᠩ ᠢᠯᠡᠭᠦᠦ ᠬᠥᠳᠡᠯᠭᠡᠬᠦ ᠬᠦᠴᠦᠨ ᠲᠠᠢ ᠪᠣᠯᠵᠠᠢ︾ ᠭᠡᠪᠡ᠃      ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠱᠠᠭ᠎ᠠ ᠶᠢᠨ ᠡᠪᠯᠡᠯ ᠪᠦᠯᠬᠦᠮ᠂ ᠰᠤᠷ ᠬᠠᠷᠪᠤᠬᠤ ᠡᠪᠯᠡᠯ ᠪᠦᠯᠬᠦᠮ᠂ ᠪᠥᠬᠡ ᠶᠢᠨ ᠡᠪᠯᠡᠯ ᠪᠦᠯᠬᠦᠮ᠂ ᠵᠢᠯᠣᠭᠤᠴᠢ ᠥᠬᠡᠶ ᠨᠢᠰᠬᠡᠯ ᠤᠨ ᠡᠪᠯᠡᠯ ᠪᠦᠯᠬᠦᠮ ᠵᠡᠷᠭᠡ ᠤᠨᠴᠠᠯᠢᠬᠳᠤ ᠬᠢᠴᠢᠶᠡᠯ ᠢ ᠵᠠᠯᠭᠠᠭ᠎ᠠ ᠪᠠᠷ ᠨᠡᠭᠡᠭᠡᠵᠦ᠂ ᠰᠤᠷᠤᠭᠴᠢᠳ ᠤᠨ ᠲᠠᠮᠢᠷ ᠤᠨ ᠣᠷᠣᠨ ᠵᠠᠶ ᠶᠢ ᠪᠥᠬᠦ ᠲᠠᠯ᠎ᠠ ᠪᠠᠷ ᠥᠷᠭᠡᠳᠬᠡᠪᠡ᠃ ᠬᠡᠦᠬᠡᠳ ᠤᠳ ᠱᠠᠭ᠎ᠠ ᠲᠣᠭᠯᠠᠭᠠᠮ ᠬᠢᠵᠦ᠂ ᠢᠨᠢᠶᠡᠯᠳᠦᠬᠦ ᠳᠠᠭᠤᠨ ᠪᠠ ᠰᠢᠲᠠᠷ᠎ᠠ ᠲᠠᠢ ᠮᠦᠷᠭᠦᠯᠳᠦᠬᠦ ᠳᠠᠭᠤᠨ ᠬᠤᠣᠰᠯᠠᠵᠤ ᠪᠠᠶᠢᠨ᠎ᠠ᠃ ᠪᠡᠶ᠎ᠡ‌‍ᠲ᠋ᠠᠮᠢᠷ ᠤᠨ ᠣᠷᠳᠣᠨ ᠳᠣᠲᠣᠷᠠᠬᠢ ᠲᠤᠰᠬᠠᠶ ᠮᠡᠷᠭᠡᠵᠢᠯ ᠤᠨ ᠪᠥᠬᠡ ᠶᠢᠨ ᠰᠤᠷᠭᠠᠭᠴᠢ ᠶᠠᠭ ᠰᠤᠷᠤᠭᠴᠢᠳ ᠤᠨ ᠪᠣᠯᠪᠠᠰᠤᠷᠠᠯ ᠢ ᠵᠢᠯᠣᠭᠤᠳᠴᠤ ᠪᠠᠶᠢᠨ᠎ᠠ᠂ ᠪᠠᠭᠠᠴᠤᠳ ᠨᠢ ᠪᠥᠬᠡ ᠶᠢᠨ ᠬᠤᠪᠴᠠᠰᠤ ᠡᠮᠦᠰᠴᠦ᠂ ᠡᠷᠡᠯᠬᠡᠭ ᠪᠦᠷᠭᠦᠳ ᠵᠢᠭᠦᠷ ᠢᠶᠠᠨ ᠳᠡᠯᠭᠡᠨ ᠦᠵᠡᠭᠦᠯᠬᠦ ᠮᠡᠲᠦ ᠪᠠᠷ ᠲᠠᠯᠠᠪᠠᠶ ᠳᠤ ᠣᠷᠣᠬᠤ ᠶᠣᠰᠣᠯᠠᠯ ᠢᠶᠠᠷ ᠲᠠᠯ᠎ᠠ ᠨᠤᠲᠤᠭ ᠤᠨ ᠪᠠᠭᠠᠲᠤᠷᠯᠢᠭ ᠴᠤᠭ ᠵᠢᠪᠬᠤᠭ᠎ᠠ ᠶᠢ ᠢᠯᠡᠷᠡᠭᠦᠯᠵᠦ᠂ ᠪᠠᠶᠠᠷ ᠪᠠᠭ᠋ᠠᠳᠤᠯ ᠢ ᠲᠠᠲᠠᠵᠤ ᠪᠠᠶᠢᠨ᠎ᠠ᠃ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠯᠢ ᠶᠠ ᠷᠦᠢ᠄ ︽ᠰᠤᠷᠭᠠᠭᠤᠯᠢ ᠳᠤ ᠣᠳᠣᠬᠠᠨ ᠳᠤ 23 ᠨᠡᠶᠢᠭᠡᠮ ᠤᠨ ᠪᠦᠯᠬᠦᠮ ᠤᠨ ᠬᠢᠴᠢᠶᠡᠯ ᠲᠠᠢ᠂ ︿ᠠᠮᠢᠵᠢᠷᠠᠯ ᠤᠨ ᠬᠦᠴᠦᠨ ᠢ ᠤᠯᠠᠮᠵᠢᠯᠠᠵᠤ᠂ ᠭᠤᠸ᠎ᠠ ᠰᠠᠶᠢᠬᠠᠨ ᠢ ᠠᠭᠤᠰᠤᠯᠴᠠᠭᠤᠯᠬᠤ﹀ ᠪᠠᠷ ᠣᠶᠢᠯᠠᠭᠠᠭᠳᠠᠬᠤᠨ ᠪᠣᠯᠭᠠᠵᠤ᠂ ︿ᠪᠡᠶ᠎ᠡ ᠲᠠᠮᠢᠷ + ᠤᠷᠠᠯᠢᠭ + ᠪᠣᠳᠠᠰ ᠤᠨ ᠪᠤᠰᠤ ᠰᠣᠶᠣᠯ ᠤᠨ ᠥᠪ﹀ ᠤᠨ ᠪᠣᠰᠤᠭ᠎ᠠ ᠴᠣᠭᠴᠠᠲᠤ ᠰᠢᠰᠲ᠋ᠧᠮ ᠢ ᠪᠠᠶᠢᠭᠤᠯᠵᠤ᠂ ᠰᠤᠷᠤᠭᠴᠢ ᠨᠢᠭᠡᠪᠦᠷᠢ ᠬᠥᠳᠡᠯᠭᠡᠭᠡᠨ ᠤ ᠳᠤᠮᠳᠠ ᠪᠠᠶᠠᠷ ᠪᠠᠭ᠋ᠠᠳᠤᠯ ᠬᠦᠷᠲᠡᠭᠡᠬᠦ ᠶᠢ ᠪᠠᠲᠤᠯᠠᠵᠤ᠂ ᠤᠷᠠᠯᠢᠭ ᠤᠨ ᠨᠥᠯᠥᠭᠡ ᠳᠤᠮᠳᠠ ᠵᠠᠩ ᠴᠢᠨᠠᠷ ᠢᠶᠠᠨ ᠤᠮᠳᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠠᠴᠠ ᠲᠡᠦᠬᠡ ᠶᠢᠨ ᠤᠯᠠᠮᠵᠢᠯᠠᠯ ᠢ ᠮᠡᠳᠡᠷᠡᠵᠦ᠂ ᠵᠠᠯᠭᠠᠭᠠᠳ ᠪᠢᠳᠡ ᠦᠷᠭᠦᠯᠵᠢᠯᠡᠨ ᠠᠩᠬᠠᠷᠤᠨ ᠲᠡᠭᠦᠯᠳᠡᠷᠵᠢᠭᠦᠯᠵᠦ᠂ ᠰᠤᠷᠤᠭᠴᠢᠳ ᠢ ᠡᠷᠡᠭᠦᠯ ᠰᠠᠷᠠᠭᠤᠯ ᠰᠠᠶᠢᠨ ᠰᠠᠶᠢᠬᠠᠨ ᠢᠷᠡᠭᠡᠳᠦᠶ ᠲᠠᠢ ᠪᠣᠯᠭᠠᠨ᠎ᠠ︾ ᠭᠡᠵᠦ ᠲᠠᠨᠢᠯᠴᠠᠭᠤᠯᠪᠠ᠃      ᠡᠯ᠎ᠡ ᠰᠤᠷᠭᠠᠭᠤᠯᠢ ᠪᠡᠶ᠎ᠡ ᠲᠠᠮᠢᠷ ᠤᠨ ᠬᠢᠴᠢᠶᠡᠯ᠂ ᠬᠥᠳᠡᠯᠭᠡᠭᠡᠨ ᠤ ᠬᠢᠴᠢᠶᠡᠯ ᠤᠨ ᠵᠠᠪᠰᠠᠷ ᠲᠤ ᠰᠢᠨ᠎ᠡ ᠲᠣᠭᠲᠠᠭᠠᠯ ᠢ ᠨᠠᠶᠢᠳᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ ᠬᠢᠴᠢᠶᠡᠯ ᠤᠨ ᠭᠠᠳᠠᠨᠠᠬᠢ ᠦᠢᠯᠡᠴᠢᠯᠡᠭᠡᠨ ᠤ ᠴᠠᠭ ᠲᠤ ᠪᠡᠶ᠎ᠡ ᠲᠠᠮᠢᠷ ᠤᠨ ᠨᠡᠶᠢᠭᠡᠮ ᠤᠨ ᠪᠦᠯᠬᠦᠮ ᠤᠨ ᠲᠦᠷᠦᠯ ᠵᠦᠢᠯ ᠢ ᠨᠡᠮᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠬᠢᠴᠢᠶᠡᠯ ᠤᠨ ᠴᠠᠭ ᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠰᠤᠷᠭᠠᠭᠤᠯᠢ ᠶᠢᠨ ᠪᠡᠶ᠎ᠡ ᠲᠠᠮᠢᠷ ᠤᠨ ᠬᠥᠳᠡᠯᠭᠡᠭᠡᠨ ᠤ ᠪᠡᠯᠡᠳᠬᠡᠯ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠵᠤ᠂ ᠨᠡᠷᠡᠨ ᠤ ᠭᠡᠷᠡᠯ ᠪᠡᠶ᠎ᠡ ᠲᠠᠮᠢᠷ ᠤᠨ ᠶᠡᠭᠡ ᠬᠢᠴᠢᠶᠡᠯ ᠤᠨ ᠵᠠᠪᠰᠠᠷ ᠢ ᠦᠷᠭᠦᠯᠵᠢᠯᠡᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠠᠶᠢᠳᠠᠪᠤᠷᠢᠵᠢᠭᠤᠯᠬᠤ ᠴᠠᠭ᠂ ᠣᠷᠣᠨ ᠵᠠᠢ᠂ ᠪᠠᠭᠰᠢ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠵᠡᠷᠭᠡ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠰᠤᠷᠤᠭᠴᠢᠳ ᠡᠳᠦᠷ ᠪᠦᠷᠢ 2 ᠴᠠᠭ ᠠᠴᠠ ᠳᠤᠲᠠᠭᠤ ᠦᠭᠡᠢ ᠪᠡᠶ᠎ᠡ ᠲᠠᠮᠢᠷ ᠤᠨ ᠬᠥᠳᠡᠯᠭᠡᠭᠡᠨ ᠤ ᠴᠠᠭ ᠢ ᠡᠳ᠋ᠯᠡᠭᠦᠯᠬᠦ ᠶᠢ ᠪᠠᠲᠤᠯᠠᠵᠤ᠂ ᠬᠡᠦᠬᠡᠳ ᠲᠤ ᠠᠰᠢᠭ ᠬᠦᠷᠲᠡᠭᠡᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠰᠢ᠄ ︽ᠲᠠᠷᠠᠭᠠᠴᠢ ᠶᠢᠨ ᠠᠯᠬᠤᠮ ᠳᠤ᠂ ᠪᠢᠳᠡ ᠰᠤᠷᠤᠭᠴᠢᠳ ᠢᠶᠠᠷ ᠭᠤᠤᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠷᠡᠭᠦᠯ ᠮᠡᠨᠳᠦ ᠪᠠᠷ ᠤᠳᠤᠷᠢᠳᠤᠮᠵᠢ ᠪᠣᠯᠭᠠᠨ ᠪᠡᠶ᠎ᠡ ᠲᠠᠮᠢᠷ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠡᠶ᠎ᠡ ᠲᠠᠮᠢᠷ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠪᠡᠶ᠎ᠡ ᠲᠠᠮᠢᠷ ᠤᠨ ᠬᠥᠳᠡᠯᠭᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ︾ ᠭᠡᠵᠦ ᠬᠡᠯᠡᠪᠡ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号