ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠪᠠᠷᠢᠯᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/4/11
      ᠭᠠᠵᠠᠷ ᠰᠢᠷᠤᠢ ᠶᠢᠨ ᠬᠡᠰᠭᠦ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠴᠦ ᠭᠠᠷᠪᠠ᠃      ᠰᠢᠨ ᠱᠦᠨ ᠵᠢᠶᠧ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠡᠪᠡᠷ ᠡᠨᠧᠷᠭᠢ ᠶᠢ ᠰᠣᠩᠭᠤᠨ ᠲᠤᠬᠢᠷᠠᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠲᠦᠷᠦᠯ ᠤᠨ ᠮᠠᠰᠢᠨ ᠮᠧᠬᠠᠨᠢᠭ ᠬᠦᠩᠭᠢᠨᠡᠵᠦ᠂ ᠪᠠᠷᠢᠯᠭ᠎ᠠ ᠶᠢᠨ ᠠᠵᠢᠯᠲᠠᠳ ᠲᠥᠯᠥᠪᠯᠡᠭᠡ ᠶᠣᠰᠣᠭᠠᠷ ᠪᠠᠷᠢᠯᠭ᠎ᠠ ᠶᠢᠨ ᠠᠵᠢᠯ ᠢᠶᠠᠨ ᠬᠢᠵᠦ  ᠶᠠᠭᠠᠷᠠᠵᠤ ᠪᠠᠶᠢᠭ᠎ᠠ᠂ ᠪᠦᠳᠦᠭᠡᠨ ᠪᠠᠶᠢᠭᠤᠯᠤᠯᠲᠠ ᠬᠢᠵᠥ ᠶᠠᠭᠠᠷᠠᠵᠤ ᠪᠠᠶᠢᠭ᠎ᠠ᠂ ᠦᠢᠯᠡᠳᠪᠦᠷᠢᠯᠡᠯ ᠬᠢᠵᠥ ᠶᠠᠭᠠᠷᠠᠵᠤ ᠪᠠᠶᠢᠭ᠎ᠠ ᠪᠠᠶᠢᠳᠠᠯ ᠨᠢᠳᠦᠨ ᠡᠮᠦᠨ᠎ᠡ ᠳᠣᠳᠤᠷᠠᠨ᠎ᠠ᠃      ᠰᠢᠨ ᠱᠦᠨ ᠵᠢᠶᠧ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠡᠪᠡᠷ ᠡᠨᠧᠷᠭᠢ ᠶᠢ ᠰᠣᠩᠭᠤᠨ ᠲᠤᠬᠢᠷᠠᠭᠤᠯᠬᠤ ᠲᠦᠷᠦᠯ ᠵᠦᠢᠯ ᠤᠨ ᠳᠠᠭᠠᠭᠠᠮᠠᠯ ᠼᠠᠢ ᠵᠢᠶᠠ ᠲᠠᠨᠢᠯᠴᠠᠭᠤᠯᠬᠤ ᠳᠠᠭᠠᠨ᠄ ︽ᠲᠣᠰ ᠲᠥᠷᠥᠯ ᠵᠦᠢᠯ ᠨᠢ 2025 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠡᠬᠢᠯᠡᠭᠦᠯᠵᠦ᠂ ᠲᠥᠷᠥᠯ ᠵᠦᠢᠯ ᠤᠨ ᠪᠠᠶᠢᠭᠤᠯᠤᠯᠳᠡ ᠨᠢ ᠭᠤᠤᠯᠳᠠᠭᠤ ᠦᠢᠯᠡᠳᠭᠦᠷᠢᠯᠡᠭᠦ᠂ ᠬᠥᠮᠥᠷᠭᠡᠯᠡᠨ ᠬᠠᠳᠠᠭᠠᠯᠠᠬᠤ ᠵᠢᠴᠢ ᠪᠠᠷᠠᠭᠠᠨ ᠤ ᠭᠦᠢᠯᠭᠡᠭᠡᠨ ᠤ ᠦᠢᠯᠡᠳᠪᠦᠷᠢ ᠶᠢᠨ ᠲᠠᠰᠤᠭ ᠢ ᠪᠠᠶᠢᠭᠤᠯᠤᠨ᠎ᠠ︔ ᠨᠡᠭᠦᠷᠡᠰᠦ ᠨᠠᠷᠢᠯᠢᠭ  ᠤᠬᠢᠶᠠᠬᠤ ᠦᠢᠯᠡᠳᠪᠦᠷᠢᠯᠡᠯ ᠤᠨ ᠱᠤᠭᠤᠮ᠂ ᠬᠡᠯᠪᠡᠷᠢ ᠶᠢᠨ ᠨᠡᠭᠦᠷᠡᠰᠦᠨ ᠤ ᠦᠢᠯᠡᠳᠪᠦᠷᠢᠯᠡᠯ ᠤᠨ ᠱᠤᠭᠤᠮ ᠲᠠᠢ᠃ ᠠᠯᠪᠠᠨ ᠠᠰᠠᠷ᠂ ᠪᠠᠶᠢᠷᠢ ᠶᠢᠨ ᠠᠰᠠᠷ᠂ ᠴᠠᠬᠢᠯᠭᠠᠨ ᠲᠦᠭᠡᠭᠡᠬᠦ ᠲᠠᠰᠤᠭ ᠵᠡᠷᠭᠡ ᠲᠤᠰᠠᠯᠠᠬᠤ ᠦᠢᠯᠡᠳᠪᠦᠷᠢᠯᠡᠯ ᠤᠨ ᠪᠡᠯᠡᠳᠭᠡᠮᠵᠢ ᠶᠢ ᠪᠦᠲᠦᠭᠡᠨ ᠪᠠᠶᠢᠭᠤᠯᠵᠤ᠂ ᠲᠣᠭᠤᠰᠣ ᠠᠷᠢᠯᠭᠠᠬᠤ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠪᠡᠯᠡᠳᠭᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠣᠳᠣ ᠶᠠᠭ ᠭᠠᠵᠠᠷ ᠲᠡᠭᠰᠢᠯᠡᠬᠦ ᠪᠠ ᠠᠯᠪᠠᠨ ᠠᠰᠠᠷ ᠪᠠᠶᠢᠷᠢ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠠᠭ ᠶᠠᠪᠤᠭᠳᠠᠵᠤ ᠪᠠᠶᠢᠨ᠎ᠠ᠃ ᠵᠢᠱᠢᠯᠲᠡ ᠪᠠᠷ ᠲᠥᠷᠥᠯ ᠵᠦᠢᠯ ᠨᠢ 2026 ᠣᠨ ᠤ 5 ᠰᠠᠷ᠎ᠠ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ  ᠣᠷᠣᠬᠤ ᠪᠣᠯᠤᠨ᠎ᠠ︾ ᠭᠡᠵᠡᠢ᠃      ᠥᠪᠥᠷ ᠮᠣᠩᠭᠤᠯ ᠤᠨ ᠰᠢᠨ ᠱᠦᠨ ᠵᠢᠶᠧ ᠴᠡᠪᠡᠷ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 300 ᠲᠦᠮᠡᠨ ᠲᠣᠨ ᠰᠢᠨ ᠱᠦᠨ ᠵᠢᠶᠧ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠴᠡᠪᠡᠷ ᠡᠨᠧᠷᠭᠢ ᠶᠢ ᠰᠣᠩᠭᠤᠨ ᠲᠣᠬᠢᠷᠠᠭᠤᠯᠬᠤ ᠲᠥᠷᠥᠯ ᠵᠦᠢᠯ ᠤᠨ ᠡᠵᠡᠯᠡᠬᠦ ᠭᠠᠵᠠᠷ ᠪᠠᠷᠤᠭ 314 ᠮᠥ᠂ ᠪᠠᠷᠢᠯᠭ᠎ᠠ ᠶᠢᠨ ᠲᠠᠯᠠᠪᠠᠶ 160000 ᠲᠡᠭᠰᠢ ᠳᠥᠷᠪᠡᠯᠵᠢᠨ ᠮᠧᠲᠷ ᠪᠠᠶᠢᠨ᠎ᠠ᠃ ᠲᠥᠷᠥᠯ ᠵᠦᠢᠯ ᠤᠨ ᠭᠤᠤᠯ ᠲᠦᠭᠦᠬᠡᠶ ᠮᠠᠲ᠋ᠧᠷᠢᠶᠠᠯ ᠨᠢ ᠨᠠᠷᠢᠯᠢᠭ ᠨᠡᠭᠦᠷᠡᠰᠦ᠂ ᠲᠦᠭᠦᠬᠡᠶ ᠨᠡᠭᠦᠷᠡᠰᠦ᠂ ᠨᠡᠭᠦᠷᠡᠰᠦᠨ ᠨᠣᠨᠳᠠᠭ ᠪᠠᠶᠢᠵᠤ᠂ ᠵᠣᠬᠢᠬᠤ ᠬᠠᠷᠢᠴᠠᠯ ᠢᠶᠠᠷ ᠬᠤᠯᠢᠯᠳᠤᠭᠤᠯᠬᠤ ᠶᠢᠨ ᠬᠠᠮᠲᠤ ᠨᠠᠭᠠᠯᠳᠤᠭᠤᠯᠤᠭᠴᠢ ᠡᠳ᠋ ᠪᠠ ᠤᠰᠤ ᠲᠣᠬᠢᠷᠠᠭᠤᠯᠵᠤ᠂ ᠬᠡᠮᠬᠡᠯᠡᠵᠥ ᠰᠢᠭᠰᠢᠨ ᠬᠤᠪᠢᠶᠠᠬᠤ᠂ ᠮᠠᠲ᠋ᠧᠷᠢᠶᠠᠯ ᠬᠤᠯᠢᠬᠤ᠂ ᠬᠡᠯᠪᠡᠷᠢᠵᠢᠭᠦᠯᠬᠦ᠂ ᠬᠠᠳᠠᠭᠠᠬᠤ᠂ ᠬᠥᠯᠳᠡᠭᠡᠵᠦ ᠪᠣᠭᠤᠳᠠᠯᠯᠠᠬᠤ ᠵᠡᠷᠭᠡ ᠠᠵᠢᠯ ᠢᠶᠠᠷ ᠳᠠᠮᠵᠢᠨ ᠮᠥᠭᠦᠯᠢᠭ ᠵᠢᠭᠳᠡ᠂ ᠤᠷᠪᠠᠯ ᠤᠨ ᠢᠳᠡᠪᠬᠢᠲᠦ ᠴᠢᠨᠠᠷ ᠢᠶᠠᠷ ᠴᠢᠩᠭ᠎ᠠ᠂ ᠢᠯᠴᠢ ᠶᠢᠨ ᠲᠣᠭᠲᠠᠭᠤᠨ ᠴᠢᠨᠠᠷ ᠢᠶᠠᠷ ᠰᠠᠶᠢᠨ ᠬᠡᠯᠪᠡᠷᠢ ᠶᠢᠨ ᠨᠡᠭᠦᠷᠡᠰᠦᠨ ᠲᠦᠯᠡᠰᠢ ᠦᠢᠯᠡᠳᠪᠦᠷᠢᠯᠡᠬᠦ ᠪᠣᠯᠤᠨ᠎ᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 31 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠭᠠᠶᠢᠯᠢ ᠶᠢᠨ ᠮᠥᠩᠭᠦ ᠨᠢ 2.8 ᠳ᠋ᠦᠩᠰᠢᠭᠤᠷ ᠲᠥᠭᠦᠷᠢᠭ ᠪᠠᠶᠢᠵᠤ᠂ 200 ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ᠃      ᠵᠢᠯ ᠤᠨ ᠡᠬᠢᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠵᠤ ᠠᠬᠤᠢ ᠶᠢᠨ ᠬᠥᠭᠵᠢᠯᠲᠡ ᠶᠢᠨ ︽ᠵᠠᠩᠭᠢᠯᠠᠭ᠎ᠠ︾ ᠪᠣᠯᠭᠠᠵᠤ᠂ ᠡᠯ᠎ᠡ ᠲᠦᠷᠦᠯ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠲᠡᠮᠡᠴᠡᠨ ᠣᠯᠵᠤ ᠂ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠲᠦᠷᠦᠯ ᠵᠦᠢᠯ ᠤᠨ ᠨᠡᠮᠡᠭᠳᠡᠯ ᠤᠨ ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号