ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠤᠬᠢᠶ᠎ᠠ
ᠨᠡᠶᠢᠲᠡᠯᠡᠭᠰᠡᠨ ᠴᠠᠭ᠄
2025/4/11
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠬᠤᠷᠢᠶ᠎ᠠ 2025 ᠣᠨ ᠤ 4 ᠰᠠᠷ᠎ᠠ ᠶᠢᠨ 10 ᠤ ᠡᠳᠦᠷ ᠤᠨ 18 ᠴᠠᠭ 07 ᠮᠢᠨᠦ᠋ᠲ ᠲᠤ 2025 ᠣᠨ ᠤ 04 ᠰᠠᠷ᠎ᠠ ᠶᠢᠨ 10 ᠤ ᠡᠳᠦᠷ ᠤᠨ 09 ᠴᠠᠭ ᠤᠨ 50 ᠮᠢᠨᠦ᠋ᠲ ᠲᠤ ᠨᠡᠶᠢᠳᠡᠯᠡᠭᠰᠡᠨ ᠰᠡᠷᠡᠮᠵᠢ ᠶᠢᠨ ᠲᠤᠬᠢᠶ᠎ᠠ ᠶᠢ ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠪᠤᠯᠭᠠᠪᠠ᠄     12 ᠴᠠᠭ ᠤᠨ ᠳᠤᠳᠤᠷ᠎ᠠ ᠪᠠᠭ᠎ᠠ ᠤᠩᠭᠤᠨ ᠰᠢᠶᠠᠩ᠂ ᠰᠢᠷᠠᠮᠦ᠋ᠷᠡᠨ ᠪᠠᠯᠭᠠᠰᠤ᠂ ᠦᠬᠡᠷᠬᠤᠳᠳᠤᠭ ᠪᠠᠯᠭᠠᠰᠤ᠂ ᠰᠢᠪᠡᠷᠬᠦ᠋ᠷᠢᠶ᠎ᠡ ᠪᠠᠯᠭᠠᠰᠤ᠂ ᠪᠠᠳᠤᠬᠠᠭᠠᠯᠭ᠎ᠠ ᠪᠠᠯᠭᠠᠰᠤ᠂  ᠮᠢᠩᠭᠠᠨ ᠪᠠᠯᠭᠠᠰᠤ᠂ ᠪᠠᠶ᠋ᠬᠠᠤᠪᠤᠭ᠎ᠠ ᠰᠤᠮᠤ᠂ ᠳᠠᠷᠬᠠᠨ ᠰᠤᠮᠤ᠂ ᠮᠠᠨᠳᠤᠯ ᠪᠠᠯᠭᠠᠰᠤ᠂  ᠪᠠᠶᠠᠨᠬᠤᠸᠠ ᠪᠠᠯᠭᠠᠰᠤ᠂ ᠴᠠᠭᠠᠨᠬᠠᠳᠠ ᠰᠤᠮᠤ ᠨᠢ ᠶᠡᠭᠡ ᠰᠠᠯᠬᠢᠨ ᠳᠤ  ᠨᠦᠯᠦᠭᠡᠯᠡᠭᠳᠡᠬᠦ ᠪᠤᠯᠤᠨ᠎ᠠ᠂ ᠳᠤᠮᠳᠠᠴᠢ ᠰᠠᠯᠬᠢᠨ ᠤ ᠬᠦᠴᠦ ᠨᠢ 8 ᠲᠡᠰ ᠠᠴᠠ ᠲᠡᠭᠡᠭᠰᠢ ᠪᠤᠶᠤ  ᠤᠬᠤᠷ ᠬᠤᠭᠤᠴᠠᠭᠠᠨ ᠳᠤ  9 ᠲᠡᠰ ᠢ ᠲᠠᠪᠠᠵᠤ᠂ ᠡᠯᠡᠰᠦᠨ ᠰᠢᠭᠤᠷᠭ᠎ᠠ ᠲᠡᠭᠳᠡᠨ᠎ᠡ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃     ᠰᠡᠷᠭᠡᠶᠢᠯᠡᠯᠳᠡ ᠶᠢᠨ ᠵᠦᠭᠯᠡᠭᠦᠷ᠄     1. ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃     2. ᠭᠡᠷ ᠤᠨ ᠭᠠᠳᠠᠨ᠎ᠠ ᠬᠥᠳᠡᠯᠭᠡᠭᠡᠨ ᠬᠢᠬᠦ ᠪᠠ ᠥᠨᠳᠥᠷ ᠣᠭᠲᠠᠷᠭᠤᠶ ᠵᠡᠷᠭᠡ ᠭᠡᠷ ᠤᠨ ᠭᠠᠳᠠᠨᠠᠬᠢ ᠠᠶᠤᠯᠲᠠᠶ ᠠᠵᠢᠯ ᠢ ᠵᠣᠭᠰᠣᠭᠠᠵᠤ᠂ ᠠᠶᠤᠯᠲᠠᠶ ᠭᠠᠵᠠᠷ ᠣᠷᠣᠨ ᠤ ᠬᠥᠮᠦᠰ ᠪᠠ ᠨᠤᠷᠠᠬᠤ ᠠᠶᠤᠯᠲᠠᠶ ᠭᠡᠷ ᠪᠠᠶᠢᠰᠢᠩ ᠲᠠᠢ ᠰᠠᠭᠤᠭᠠᠯᠢ ᠠᠷᠠᠳ ᠢ ᠠᠯᠢ ᠴᠢᠳᠠᠬᠤ ᠪᠠᠷ ᠰᠠᠯᠬᠢ ᠳᠠᠯᠳᠠᠯᠠᠬᠤ ᠭᠠᠵᠠᠷ ᠲᠤ ᠤᠴᠢᠭᠤᠯᠤᠨ ᠰᠠᠯᠬᠢ ᠲᠠᠯᠳᠠᠯᠠᠭᠤᠯᠬᠤ ᠭᠡᠷᠡᠭᠳᠠᠢ᠃     3. ᠬᠡᠷ ᠤᠨ ᠭᠠᠳᠠᠨᠠᠬᠢ ᠠᠶᠤᠯᠲᠠᠶ ᠴᠠᠬᠢᠯᠭᠠᠨ ᠡᠭᠦᠰᠭᠡᠭᠴᠢ ᠶᠢ ᠲᠠᠰᠤᠯᠵᠤ᠂ ᠶᠡᠭᠡ ᠰᠠᠯᠬᠢᠨ ᠳᠤ ᠠᠮᠠᠷᠬᠠᠨ ᠨᠥᠯᠥᠭᠡᠯᠡᠭᠳᠡᠬᠦ ᠬᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠶ ᠲᠥᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢᠶᠠᠨ ᠬᠠᠮᠠᠭᠠᠯᠠᠬᠤ ᠶᠢ ᠠᠩᠬᠠᠷᠤᠭᠠᠷᠠᠢ ᠃     4. ᠨᠢᠰᠬᠡᠯ ᠤᠨ ᠪᠠᠭᠤᠳᠠᠯ᠂  ᠦᠨᠳᠦᠷ ᠬᠤᠷᠳᠤᠴᠠᠳᠤ ᠵᠠᠰᠠᠮᠠᠯ ᠵᠠᠮ ᠵᠡᠷᠭᠡ  ᠪᠠᠶᠢᠭᠤᠯᠭ᠎ᠠ ᠨᠢᠭᠡᠴᠡ ᠨᠦᠭᠦᠳ ᠵᠠᠮ ᠬᠠᠷᠢᠯᠴᠠᠭᠠᠨ ᠤ ᠠᠶᠤᠯ ᠦᠭᠡᠶ ᠶᠢ ᠪᠠᠲᠤᠯᠠᠬᠤ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠡ ᠨᠦᠭᠦᠳ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号