︽ᠪᠢ ᠲᠠᠷᠬᠠᠨ ᠮᠤᠤᠮᠢᠩᠭᠠᠨ ᠳᠤ ᠪᠠᠨ ᠬᠠᠶᠢᠷᠠᠳᠠᠢ᠂ ᠰᠤᠶᠤᠯ ᠵᠢᠭᠤᠯᠴᠢᠯᠠᠯ ᠤᠨ ᠦᠢᠯᠡᠰ ᠲᠤ ᠬᠦᠴᠦᠨ | ᠴᠢᠳᠠᠯ ᠢᠶᠠᠨ ᠡᠷᠬᠦᠨ᠎ᠡ︾ ᠭᠡᠳᠡᠭ ᠢ ᠬᠦᠨᠵᠡᠭᠡᠢ ᠦᠢᠯᠡᠳᠦᠯᠭᠡᠵᠢᠬᠦᠯᠬᠦ ᠶᠢᠨ ᠲᠦᠯᠦᠭᠡ ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠪᠦᠬᠦ ᠲᠠᠯ᠎ᠠ ᠪᠠᠷ | ᠢᠯᠡᠷᠡᠭᠦᠯᠵᠦ᠂ ᠣᠷᠣᠨ ᠨᠤᠲᠤᠭ ᠤᠨ ᠰᠣᠶᠣᠯ ᠤᠨ ᠤᠯᠠᠮᠵᠢᠯᠠᠯ ᠪᠣᠯᠤᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ | ᠪᠣᠯᠤᠨ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠭᠠᠷ ᠬᠤᠯᠪᠣᠨ ᠬᠠᠮᠲᠤᠷᠠᠯᠴᠠᠵᠤ᠂ ︽ᠲᠦᠷᠦᠭᠳᠡᠯ ᠪᠣᠯᠤᠨ | ᠣᠷᠭᠢᠯᠤᠮ᠎ᠠ ᠰᠡᠳᠬᠢᠯᠭᠡ ᠪᠠᠷ ᠲᠠᠯ᠎ᠠ ᠨᠤᠲᠤᠭ ᠤᠨ ᠴᠠᠭᠠᠨ ᠢᠳᠡᠬᠡᠨ ᠢ ᠲᠤᠯᠢᠳᠠᠬᠤ︾ ᠪᠠᠷ ᠭᠤᠣᠯ ᠰᠡᠳᠦᠪ ᠪᠣᠯᠭᠠᠵᠤ | ᠂ ᠨᠢᠭᠡᠨᠳᠡ ᠪᠠᠶᠢᠭᠤᠯᠤᠭᠰᠠᠨ ︽ᠡᠮᠡᠭᠲᠡᠶᠢᠴᠦᠳ ᠤᠨ ᠰᠢᠭᠤᠳ ᠨᠡᠪᠲᠡᠷᠡᠭᠦᠯᠭᠡ ᠶᠢᠨ ᠲᠠᠰᠤᠭ︾ ᠲᠤ ᠲᠦᠰᠢᠭᠯᠡᠨ᠂ | ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠰᠢᠭᠤᠳ ᠨᠡᠪᠲᠡᠷᠡᠭᠦᠯᠭᠡ ᠶᠢᠨ ᠲᠠᠪᠴᠠᠩ ᠲᠠᠢ ᠬᠠᠮᠲᠤᠷᠠᠨ ︽ | ᠬᠦᠳᠡᠭᠡ ᠲᠣᠰᠬᠤᠨ ᠤ ᠬᠡᠲᠦ ᠲᠡᠰ ᠠᠴᠠ ᠲᠠᠪᠠᠭᠰᠠᠨ︾ ᠤᠷᠤᠯᠳᠤᠭᠠᠨ ᠤ ᠶᠠᠪᠤᠳᠠᠯ ᠤᠨ ᠲᠣᠭᠤᠷᠢᠨ ᠳᠤ ᠲᠠᠷᠬᠠᠨ | ᠮᠤᠤᠮᠢᠩᠭᠠᠨ ᠤ ᠠᠮᠲᠠᠲᠤ ᠢᠳᠡᠭᠡᠨ᠂ ᠦᠵᠡᠰᠬᠦᠯᠡᠩᠲᠦ ᠦᠵᠡᠮᠵᠢ᠂ ᠰᠣᠶᠣᠯ ᠢᠷᠭᠡᠨᠰᠢᠯ ᠤᠨ ᠣᠨᠴᠠᠯᠢᠭ ᠵᠡᠷᠭᠡ ᠶᠢ | ᠰᠢᠭᠤᠳ ᠨᠡᠪᠲᠡᠷᠡᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ︽ᠬᠦᠳᠡᠭᠡ ᠲᠣᠰᠬᠤᠨ ᠤ ᠬᠡᠲᠦ ᠲᠡᠰ ᠠᠴᠠ | ᠲᠠᠪᠠᠭᠰᠠᠨ︾ ᠮᠣᠷᠢᠨ ᠤᠷᠤᠯᠳᠤᠭᠠᠨ ᠤ ᠬᠦᠷ ᠬᠦᠭᠵᠢᠶᠡᠨᠳᠦ ᠠᠭᠤᠷ ᠠᠮᠢᠰᠬᠤᠯ ᠢ ᠲᠤᠪᠤᠶᠢᠯᠭᠠᠪᠠ᠃ | 4 ᠰᠠᠷ᠎ᠠ ᠶᠢᠨ 9 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠪᠣᠯᠤᠨ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠬᠠᠮᠲᠤᠷᠠᠭᠰᠠᠨ ᠪᠠᠶᠢᠴᠠᠭᠠᠨ | ᠰᠤᠳᠤᠯᠬᠤ ᠪᠦᠯᠬᠦᠮ ᠪᠠᠶᠢᠭᠤᠯᠵᠤ᠂ ᠦᠷᠭᠡᠨ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠨ ᠮᠠᠯᠵᠢᠯ ᠤᠨ ᠲᠠᠯᠠᠪᠠᠶ ᠶᠢᠨ | ᠰᠦ ᠶᠢᠨ ᠢᠷᠡᠯᠲᠡ ᠶᠢᠨ ᠪᠠᠶᠢᠳᠠᠯ ᠵᠢᠴᠢ ᠤᠯᠠᠮᠵᠢᠯᠠᠯᠲᠤ ᠴᠠᠭᠠᠨ ᠢᠳᠡᠭᠡ ᠦᠢᠯᠡᠳᠬᠦ ᠤᠷ᠎ᠠ ᠮᠡᠷᠭᠡᠰᠢᠯ᠂ ᠦᠢᠯᠡᠳᠬᠦ | ᠶᠠᠪᠤᠴᠠ ᠵᠢᠴᠢ ᠣᠳᠣᠬᠠᠨ ᠤ ᠪᠣᠷᠣᠯᠠᠭᠤᠯᠭ᠎ᠠ ᠶᠢᠨ ᠵᠠᠭᠪᠤᠷ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠨᠠᠷᠢᠨ ᠣᠶᠢᠯᠠᠭᠠᠪᠠ᠃ | ᠭᠦᠨᠵᠡᠭᠡᠶ ᠪᠠᠶᠢᠴᠠᠭᠠᠨ ᠰᠤᠳᠤᠯᠤᠯᠲᠠ ᠳᠤ ᠰᠠᠭᠤᠷᠢᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠤᠨ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ︽ᠬᠦᠳᠡᠭᠡ | ᠲᠣᠰᠬᠤᠨ ᠤ ᠬᠡᠲᠦ ᠲᠡᠰ ᠠᠴᠠ ᠲᠠᠪᠠᠭᠰᠠᠨ︾ ᠮᠣᠷᠢᠨ ᠤᠷᠤᠯᠳᠤᠭᠠᠨ ᠤ ᠠᠩᠬᠠᠳᠤᠭᠠᠷ ᠬᠤᠭᠤᠴᠠᠭᠠᠨ ᠤ ︿ | ᠲᠦᠷᠦᠭᠳᠡᠯ ᠪᠣᠯᠤᠨ ᠣᠷᠭᠢᠯᠤᠮ᠎ᠠ ᠰᠡᠳᠬᠢᠯᠭᠡ ᠪᠠᠷ ᠲᠠᠯ᠎ᠠ ᠨᠤᠲᠤᠭ ᠤᠨ ᠴᠠᠭᠠᠨ ᠢᠳᠡᠬᠡᠨ ᠢ ᠲᠤᠯᠢᠳᠠᠬᠤ﹀ ︽ | ᠰᠦᠯᠵᠢᠶᠡᠨ ᠳᠠᠬᠢ ᠴᠠᠭᠠᠨ ᠢᠳᠡᠭᠡ ᠬᠢᠴᠢᠶᠡᠯ ᠤᠨ ᠲᠠᠩᠬᠢᠮ︾ ᠢ ᠵᠥᠪᠳᠡᠯᠴᠡᠨ ᠲᠣᠭᠲᠠᠪᠠ᠃ ︽ᠥᠪᠥᠷ | ᠮᠣᠩᠭᠤᠯ ᠤᠨ ᠬᠤᠳᠠᠯᠳᠤᠭᠠᠨ ᠤ ᠪᠠᠩᠬᠢ︾ ᠶᠢᠨ ᠡᠵᠡᠮᠰᠢᠭᠰᠡᠨ ᠬᠤᠲᠠ ᠶᠢᠨ ᠲᠣᠭᠤᠷᠢᠭ ᠤᠨ ᠡᠷᠭᠢᠨ ᠲᠣᠭᠤᠷᠢᠨ ᠤ | ᠲᠣᠭᠲᠠᠭᠤᠨ ᠪᠥᠭᠡᠳ ᠬᠥᠮᠦᠨ ᠤ ᠲᠤᠭ᠎ᠠ ᠨᠢ ᠨᠡᠯᠢᠶᠡᠳ ᠰᠠᠶᠢᠨ ᠬᠦᠷᠢᠶᠡᠯᠡᠭᠴᠢ ᠶᠢᠨ ᠬᠤᠯᠪᠤᠭ᠎ᠠ ᠶᠢ ︽ᠬᠦᠳᠡᠭᠡ | ᠲᠣᠰᠬᠤᠨ ᠤ ᠬᠡᠲᠦ ᠲᠡᠰ ᠠᠴᠠ ᠲᠠᠪᠠᠭᠰᠠᠨ︾ ᠮᠣᠷᠢᠨ ᠤᠷᠤᠯᠳᠤᠭᠠᠨ ᠤ ᠬᠦᠷᠢᠶᠡᠯᠡᠭᠴᠢ ᠶᠢᠨ ᠬᠤᠯᠪᠤᠭ᠎ᠠ ᠪᠤᠯᠭᠠᠵᠤ | ᠂ ︽ᠬᠦᠳᠡᠭᠡ ᠲᠣᠰᠬᠤᠨ ᠤ ᠬᠡᠲᠦ ᠲᠡᠰ ᠠᠴᠠ ᠲᠠᠪᠠᠭᠰᠠᠨ︾ ᠮᠣᠷᠢᠨ ᠤᠷᠤᠯᠳᠤᠭᠠᠨ ᠤ ᠲᠠᠲᠠᠬᠤ ᠬᠦᠴᠦᠨ᠂ | ᠨᠡᠷᠡᠲᠦ ᠲᠡᠮᠳᠡᠭ ᠤᠨ ᠬᠦᠴᠦᠨ ᠢ ᠦᠷᠭᠡᠳᠭᠡᠨ᠎ᠡ᠃ ᠡᠭᠦᠨ ᠤ ᠬᠠᠮᠲᠤ ᠲᠣᠰ ᠤᠳᠠᠭᠠᠨ ᠤ ᠰᠢᠭᠤᠳ | ᠨᠡᠪᠲᠡᠷᠡᠭᠦᠯᠭᠡ ᠪᠠᠷ ᠡᠮᠡᠭᠲᠡᠶᠢᠴᠦᠳ ᠤᠨ ᠦᠪᠡᠷ ᠢᠶᠠᠨ ᠬᠢᠭᠰᠡᠨ ᠠᠮᠲᠠᠲᠤ ᠢᠳᠡᠭᠡᠨ ᠢ ᠬᠡᠷᠬᠢᠨ ᠨᠠᠩ ᠰᠠᠶᠢᠨ ᠵᠠᠬ᠎ᠠ | ᠳᠡᠯᠭᠡᠭᠦᠷ ᠲᠤ ᠭᠠᠷᠭᠠᠬᠤ ᠶᠢ ᠬᠠᠶᠢᠨ ᠰᠦᠪᠡᠭᠴᠢᠯᠡᠪᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ | ᠬᠤᠳᠠᠯᠳᠤᠭᠠᠨ ᠤ ᠪᠠᠩᠬᠢ ᠪᠠᠰᠠ ᠰᠢᠭᠤᠳ ᠨᠡᠪᠲᠡᠷᠡᠭᠦᠯᠭᠡ ᠳᠤ ᠣᠷᠣᠯᠴᠠᠭᠰᠠᠨ ᠡᠮᠡᠭᠲᠡᠶᠢᠴᠦᠳ ᠲᠤ ᠲᠤᠰᠬᠠᠶ | ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ ᠬᠠᠩᠭᠠᠵᠤ᠂ ᠲᠡᠳᠡᠨ ᠤ | ᠪᠠᠯᠠ ᠮᠥᠩᠭᠦ ᠪᠠ ᠡᠵᠡᠩᠨᠡᠯᠲᠡ ᠶᠢᠨ ᠲᠠᠯ᠎ᠠ ᠪᠠᠷ ᠬᠢ ᠬᠤᠶᠢᠰᠢᠳᠠ ᠶᠢᠨ ᠰᠠᠨᠠᠭᠠᠰᠢᠷᠠᠯ ᠢ ᠰᠢᠢᠳᠪᠦᠷᠢᠯᠡᠪᠡ᠃ | ᠲᠣᠰ ᠤᠳᠠᠭᠠᠨ ᠤ ᠲᠤᠬᠠᠶ ᠶᠢᠨ ᠭᠠᠵᠠᠷ ᠤᠨ ᠰᠤᠷᠪᠤᠯᠵᠢᠯᠠᠭ᠎ᠠ ᠨᠢ᠂ ᠲᠠᠷᠠᠭᠠᠴᠢ ᠶᠢᠨ ︽ᠰᠦᠯᠵᠢᠶᠡᠨ ᠳᠠᠬᠢ | ᠰᠢᠷᠢᠰ ᠬᠢᠴᠢᠶᠡᠯ ᠤᠨ ᠲᠠᠩᠬᠢᠮ︾ ᠤᠨ ᠠᠭᠤᠯᠭ᠎ᠠ ᠶᠢ ᠤᠬᠠᠭᠠᠯᠠᠨ ᠰᠡᠳᠦᠬᠦ ᠳᠤ ᠨᠠᠷᠢᠨ ᠪᠣᠳᠠᠲᠠᠶ ᠦᠨᠳᠦᠰᠦᠯᠡᠯ | ᠬᠠᠩᠭᠠᠵᠤ᠂ ᠨᠢᠭᠡ ᠲᠠᠯ᠎ᠠ ᠪᠠᠷ᠂ ︽ᠬᠦᠳᠡᠭᠡ ᠲᠣᠰᠬᠤᠨ ᠤ ᠬᠡᠲᠦ ᠲᠡᠰ ᠠᠴᠠ ᠲᠠᠪᠠᠭᠰᠠᠨ︾ ᠮᠣᠷᠢᠨ | ᠤᠷᠤᠯᠳᠤᠭᠠᠨ ᠤ ᠭᠤᠶᠢᠳᠠ ᠰᠠᠶᠢᠬᠠᠨ ᠭᠱᠠᠨ ᠵᠠᠭᠤᠷ᠎ᠠ ᠶᠢ ᠲᠤᠬᠠᠶ ᠶᠢᠨ ᠲᠠᠯᠠᠪᠤᠷ ᠲᠤ ᠬᠦᠷᠴᠦ ᠢᠷᠡᠨ ᠦᠵᠡᠵᠦ | ᠳᠡᠶᠢᠯᠬᠦ ᠥᠬᠡᠶ ᠦᠵᠡᠭᠴᠢᠳ ᠂ ᠨᠠᠩ ᠣᠯᠠᠨ ᠬᠥᠮᠦᠰ ᠲᠤ ᠲᠠᠯ᠎ᠠ ᠨᠤᠲᠤᠭ ᠤᠨ ᠪᠡᠶ᠎ᠡ ᠶᠢᠨ ᠲᠠᠮᠢᠷ ᠤᠨ ᠥᠪᠡᠷᠮᠢᠴᠡ | ᠷᠢᠳᠢ ᠰᠢᠳᠢ ᠶᠢ ᠮᠡᠳᠡᠷᠡᠭᠦᠯᠪᠡ︔ ᠨᠥᠭᠦᠭᠡ ᠲᠠᠯ᠎ᠠ ᠪᠠᠷ᠂ ᠮᠠᠨ ᠤ ᠬᠤᠰᠢᠭᠤᠨ ᠤ ᠤᠯᠠᠮᠵᠢᠯᠠᠯᠲᠤ ᠲᠠᠯ᠎ᠠ ᠨᠤᠲᠤᠭ ᠤᠨ | ᠴᠠᠭᠠᠨ ᠢᠳᠡᠭᠡᠨ ᠤ ᠰᠣᠶᠣᠯ ᠢ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ ᠥᠷᠭᠡᠨ ᠣᠯᠠᠨ ᠵᠢᠭᠤᠯᠴᠢᠯᠠᠭᠰᠠᠳ | ᠵᠢᠴᠢ ᠬᠡᠷᠡᠭᠯᠡᠭᠴᠢᠳ ᠲᠤ ᠲᠠᠨᠢᠯᠴᠠᠭᠤᠯᠤᠨ ᠥᠭᠴᠦ᠂ ᠵᠢᠭᠤᠯᠴᠢᠯᠠᠭᠰᠠᠳ ᠤᠨ ᠲᠠᠯ᠎ᠠ ᠨᠤᠲᠤᠭ ᠲᠤ ᠢᠷᠡᠵᠦ | ᠤᠷᠤᠯᠳᠤᠭᠠᠨ ᠰᠣᠨᠢᠷᠬᠠᠵᠤ᠂ ᠲᠠᠯ᠎ᠠ ᠨᠤᠲᠤᠭ ᠤᠨ ᠢᠳᠡᠭᠡᠨ ᠤᠮᠳᠠᠭᠠᠨ ᠤ ᠰᠣᠶᠣᠯ ᠤᠨ ᠷᠢᠳᠢ ᠰᠢᠳᠢ ᠶᠢ | ᠤᠶᠢᠯᠠᠭᠠᠬᠤ ᠰᠤᠨᠢᠷᠬᠠᠯ ᠢ ᠲᠠᠳᠠᠪᠠ ᠃ |