ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠤ ᠵᠢᠶᠠ ᠪᠦᠦ ᠯᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/4/14
      4 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠤ ᠹᠸᠢ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢ ᠾᠧ ᠰᠢᠶᠠᠩ᠂ ᠳᠠᠷᠬᠠᠨ ᠰᠤᠮᠤ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠢᠩ ᠱᠧᠩ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠠᠳᠠᠯᠢ ᠪᠤᠰᠤ ᠬᠢᠯᠠᠰ ᠴᠡᠭ ᠤᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠠᠩ ᠬᠤᠩ 2024 ᠣᠨ ᠤ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ᠳ᠋ᠦᠩᠨᠡᠯᠲᠡ ᠬᠢᠪᠠ᠃      ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ ᠨᠢᠭᠡᠳᠬᠡᠨ᠂ ᠠᠰᠠᠭᠤᠳᠠᠯ ᠳᠤ ᠵᠥᠪ ᠢᠶᠠᠷ ᠬᠠᠨᠳᠤᠵᠤ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠪᠠᠷ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠪᠠ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ︽ᠵᠢᠷᠭᠤᠭ᠎ᠠ ᠶᠢ ᠠᠬᠢᠭᠤᠯᠤᠨ ᠵᠢᠷᠭᠤᠭᠠᠨ ᠦᠢᠯᠡᠰ ᠢ ᠠᠬᠢᠭᠤᠯᠬᠤ︾ ᠠᠵᠤ ᠦᠢᠯᠡᠰ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ︽ᠭᠤᠷᠪᠠᠨ ᠡᠳ᠋ ᠬᠥᠷᠥᠩᠭᠡ︾ ᠶᠢᠨ ᠬᠠᠮᠢᠶᠠᠷᠤᠯᠲᠠ ᠶᠢ ᠴᠢᠩᠭᠠᠳᠬᠠᠨ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠡᠭᠦᠷᠭᠡᠯᠡᠯ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠬᠤᠸᠠᠩ ᠯᠦᠩ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠢᠬᠤᠯᠠᠴᠢᠯᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠨᠢᠭᠡᠴᠡ ᠪᠠᠶᠢᠭᠤᠯᠭ᠎ᠠ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠶᠠᠪᠤᠭᠳᠠᠭᠤᠰᠢᠲᠠᠶ ᠠᠵᠢᠯᠯᠠᠭᠠᠨ ᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠶ᠃ ᠣᠳᠣᠬᠠᠨ ᠳᠤ᠂ ᠮᠠᠨ ᠤ ᠬᠤᠰᠢᠭᠤᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠵᠠᠮ ᠱᠤᠭᠤᠮ ᠤᠨ ᠵᠢᠷᠤᠭ ᠪᠠ ᠡᠭᠦᠷᠭᠡ ᠬᠠᠷᠠᠯᠲᠠ ᠨᠢᠭᠡᠨᠲᠡ ᠲᠣᠳᠣᠷᠬᠠᠶ ᠪᠣᠯᠵᠣ᠂ ᠡᠯ᠎ᠡ ᠰᠤᠮᠤ ᠰᠢᠶᠠᠩ ᠪᠠᠯᠭᠠᠰᠤ ᠪᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠦᠭᠦᠳ ᠲᠣᠰ ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ᠃ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠶᠢ ᠠᠳᠬᠤᠬᠤ ᠶᠢ ᠴᠢᠩᠭᠠᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠠᠯ᠎ᠠ ᠪᠠᠷ ᠢᠯᠡᠭᠦᠬᠡᠨ ᠦᠷ᠎ᠡ ᠪᠦᠲᠦᠭᠡᠯ ᠭᠠᠷᠭᠠᠨ᠂ ᠢᠯᠡᠭᠦᠬᠡᠨ ᠬᠢᠯᠠᠰ ᠴᠡᠭ ᠢ ᠭᠠᠷᠭᠠᠵᠤ᠂ ᠢᠯᠡᠭᠦᠬᠡᠨ ᠨᠡᠶᠢᠲᠡᠯᠢᠭ ᠵᠢᠱᠢᠶ᠎ᠡ ᠭᠠᠷᠭᠠᠬᠤ ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ᠂ ᠲᠠᠷᠢᠶᠠᠯᠠᠩ ᠤᠨ ᠮᠠᠰᠢᠨ ᠤ ︽ᠪᠠᠶᠢᠴᠠᠭᠠᠯᠲᠠ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠳᠦᠷ ᠵᠣᠭᠰᠤᠭᠠᠬᠤ ᠠᠵᠢᠯ ᠢ ᠰᠠᠶᠢᠲᠤᠷ ᠬᠢᠵᠦ᠂ ︽ᠭᠤᠷᠪᠠ ᠶᠢ ᠲᠣᠳᠣᠷᠬᠠᠶᠢᠯᠠᠬᠤ︾ ᠠᠵᠢᠯᠯᠠᠭ᠎ᠠ ᠶᠢ ᠨᠠᠷᠢᠯᠢᠭ ᠠᠳᠬᠤᠵᠤ ᠂ ᠪᠥᠬᠦ ᠬᠤᠰᠢᠭᠤᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ  ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠬᠤᠷᠠᠯ ᠳᠤ ᠣᠷᠣᠯᠴᠠᠵᠠᠶ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号