ᠪᠤᠭᠤᠲᠤ ᠬᠤᠲᠠ ᠶᠢᠨ ᠬᠤᠪᠤᠷ ᠰᠢᠷᠣᠢ ᠨᠢ ᠳᠡᠯᠡᠬᠡᠢ ᠳᠤ ᠠᠯᠳᠠᠷᠲᠠᠢ᠃ ᠨᠡᠶᠢᠭᠡᠮ᠂ ᠠᠵᠤ ᠦᠢᠯᠡᠰ ᠤᠨ | ᠥᠷᠭᠡᠨ ᠬᠦᠷᠢᠶ᠎ᠡ ᠴᠠᠷ᠎ᠠ ᠳᠤ ᠬᠡᠷᠡᠭᠯᠡᠭᠳᠡᠵᠦ ᠪᠠᠶᠢᠳᠠᠭ᠃ ᠲᠡᠭᠡᠪᠡᠯ ᠲᠠ ᠬᠤᠪᠤᠷ ᠰᠢᠷᠣᠢ ᠶᠢᠨ ᠲᠤᠬᠠᠢ ᠬᠢᠷᠢ ᠵᠡᠷᠭᠡ | ᠣᠶᠢᠯᠠᠭᠠᠯᠲᠠ ᠲᠠᠢ ᠪᠣᠢ︖ ᠪᠤᠭᠤᠳᠤ ᠬᠤᠲᠠ ᠶᠢᠨ ᠴᠢᠩᠱᠠᠨ ᠲᠣᠭᠤᠷᠢᠭ ᠤᠨ ᠬᠦᠳᠡᠯᠮᠦᠷᠢ ᠴᠡᠴᠡᠷᠯᠢᠭ ᠤᠨ ᠵᠡᠭᠦᠨ | ᠡᠮᠦᠨ᠎ᠡ ᠦᠨᠴᠦᠭ᠂ ᠨᠢᠭᠡᠳᠦᠭᠡᠷ ᠠᠵᠢᠯᠴᠢᠨ ᠤ ᠣᠷᠳᠣᠨ ᠤ ᠬᠠᠵᠠᠭᠤ ᠳᠤ ︽ᠬᠤᠪᠤᠷ ᠰᠢᠷᠣᠢ ᠶᠢᠨ ᠰᠢᠨᠵᠢᠯᠡᠭᠡ | ᠮᠡᠷᠭᠡᠵᠢᠯ ᠢ ᠲᠦᠭᠡᠮᠡᠯᠵᠢᠬᠦᠯᠬᠦ ᠬᠦᠷᠢᠶᠡᠯᠡᠩ︾ ᠨᠡᠶᠢᠲᠡ ᠣᠯᠠᠨ ᠲᠠᠢ ᠵᠣᠯᠭᠠᠵᠤ᠂ ᠪᠤᠭᠤᠲᠤ ᠬᠤᠲᠠ ᠶᠢᠨ ᠡᠭᠦᠰᠦᠯᠲᠡ | ᠂ ᠬᠠᠶᠢᠨ ᠰᠢᠨᠵᠢᠯᠡᠯᠲᠡ᠂ ᠬᠤᠪᠣᠷ ᠰᠢᠷᠤᠢ ᠶᠢᠨ ᠦᠢᠯᠡᠰ ᠲᠤ ᠵᠢᠳᠭᠦᠯ ᠲᠠᠢ ᠬᠦᠮᠦᠰ᠂ ᠬᠤᠪᠣᠷ ᠰᠢᠷᠣᠢ ᠶᠢᠨ ᠠᠵᠦ | ᠦᠢᠯᠡᠰ ᠳᠣᠮᠳᠠᠬᠢ ᠬᠡᠷᠡᠭᠯᠡᠭᠡ ᠵᠡᠷᠭᠡ ᠶᠢ ᠨᠠᠷᠢᠯᠢᠭ ᠲᠠᠨᠢᠯᠴᠠᠭᠤᠯᠵᠤ ᠪᠠᠶᠢᠨ᠎ᠠ᠃ | ᠪᠤᠭᠤᠲᠤ ᠶᠢᠨ ᠬᠤᠪᠤᠷ ᠰᠢᠷᠣᠢ ᠶᠢᠨ ᠭᠦᠭᠵᠢᠯᠳᠡ ᠶᠢᠨ ᠲᠦᠢᠮᠤ | 1927 ᠣᠨ᠂ ᠪᠤᠭᠤᠲᠤ ᠶᠢᠨ ᠪᠠᠶ᠋ᠬᠠᠤᠪᠤᠭ᠎ᠠ ᠠᠭᠤᠷᠬᠠᠢ ᠶᠢ ᠠᠩᠬ᠎ᠠ ᠢᠯᠡᠷᠡᠭᠦᠯᠪᠡ᠃ | 1949 ᠣᠨ᠂ ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠲᠤᠬᠠᠢ ᠪᠠᠶᠢᠴᠠᠭᠠᠯᠲᠠ ᠬᠢᠬᠦ ᠪᠠᠷ ᠲᠣᠭᠲᠠᠪᠠ᠃ | 1954 ᠣᠨ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠪᠠᠶᠢᠭᠤᠯᠤᠭᠳᠠᠪᠠ᠃ | 1961 ᠣᠨ᠂ ︽8861︾ ᠲᠣᠷᠰᠢᠯᠲᠠ ᠶᠢᠨ ᠦᠢᠯᠡᠳᠪᠦᠷᠢ ᠪᠠᠶᠢᠭᠤᠯᠤᠭᠳᠠᠪᠠ᠃ | 1963 ᠣᠨ᠂ ᠪᠤᠭᠤᠲᠤ ᠶᠢᠨ ᠲᠡᠮᠦᠷᠯᠢᠭ ᠤᠨ ᠲᠤᠷᠰᠢᠯᠲᠠ ᠶᠢᠨ ᠲᠠᠰᠤᠭ ᠵᠢᠩᠬᠢᠨᠢ ᠪᠠᠷ ᠪᠠᠶᠢᠭᠤᠯᠤᠭᠳᠠᠪᠠ᠃ | | 1965 ᠣᠨ᠂ ︽ᠲᠡᠮᠦᠷ ᠢᠶᠠᠷ ᠭᠤᠣᠯ ᠪᠣᠯᠭᠠᠵᠤ᠂ ᠶᠡᠷᠦᠩᠬᠡᠶᠢᠯᠡᠨ ᠠᠰᠢᠭᠯᠠᠬᠤ︾ ᠴᠢᠭᠯᠡᠯ ᠢ ᠳᠣᠭᠲᠠᠪᠠ᠃ | | 1975 ᠣᠨ᠂ ᠬᠦᠳᠡᠷ ᠰᠢᠯᠢᠬᠦ ᠦᠢᠯᠡᠳᠪᠦᠷᠢ ᠶᠢᠨ ᠲᠠᠬᠢᠨ ᠰᠤᠩᠭᠤᠬᠤ ᠲᠠᠰᠤᠭ ᠠᠰᠢᠭᠯᠠᠯᠲᠠ ᠳᠤ | ᠣᠷᠤᠪᠠ᠃ | 1978 — 1986 ᠣᠨ᠂ ᠹᠠᠩ ᠢ ᠶᠡᠷᠦᠩᠬᠡᠢ ᠰᠠᠶᠢᠳ ᠪᠤᠭᠤᠲᠤ ᠳᠤ ᠳᠣᠯᠤᠭ᠎ᠠ ᠤᠳᠠᠭ᠎ᠠ ᠢᠷᠡᠵᠦ | ᠬᠤᠷᠠᠯᠳᠤᠪᠠ᠃ | 1990 ᠣᠨ᠂ ᠪᠤᠭᠤᠲᠤ ᠶᠢᠨ ᠤᠯᠤᠰ ᠤᠨ ᠬᠤᠪᠣᠷ ᠰᠢᠷᠤᠢ ᠶᠢᠨ ᠳᠡᠭᠡᠲᠦ ᠰᠢᠨ᠎ᠡ ᠮᠡᠷᠭᠡᠵᠢᠯ ᠤᠨ ᠠᠵᠤ | ᠦᠢᠯᠡᠳᠪᠦᠷᠢ ᠶᠢᠨ ᠲᠣᠭᠤᠷᠢᠭ ᠪᠠᠶᠢᠭᠤᠯᠤᠭᠳᠠᠵᠠᠢ᠃ | | 1992 ᠣᠨ᠂ ᠤᠯᠤᠰ ᠤᠨ ᠳᠡᠰ ᠤᠨ ᠳᠡᠭᠡᠲᠦ ᠰᠢᠨ᠎ᠡ ᠮᠡᠷᠭᠡᠵᠢᠯ ᠤᠨ ᠲᠤᠭᠤᠷᠢᠭ ᠢᠶᠠᠷ ᠦᠨᠡᠯᠡᠭᠳᠡᠵᠡᠢ᠃ | 1997 ᠣᠨ᠂ ᠲᠤᠮᠳᠠᠳᠤ ᠶᠢᠨ ᠬᠤᠪᠣᠷ ᠰᠢᠷᠦᠢ ᠶᠢᠨ ᠠᠩᠬᠠᠨ ᠤ ᠬᠤᠪᠢᠴᠠᠭ᠎ᠠ — ᠬᠤᠪᠣᠷ ᠰᠢᠷᠦᠢ ᠶᠢᠨ | ᠰᠢᠨ᠎ᠡ ᠮᠡᠷᠭᠡᠵᠢᠯ ᠱᠠᠩᠬᠠᠢ ᠳᠤ ᠠᠮᠵᠢᠯᠲᠠ ᠲᠠᠢ ᠪᠠᠷ ᠵᠠᠬ᠎ᠠ ᠳᠤ ᠭᠠᠷᠤᠯ᠎ᠠ᠃ | 2009 ᠣᠨ᠂ ᠠᠩᠬᠠᠳᠤᠭᠠᠷ ᠬᠤᠭᠤᠴᠠᠭᠠᠨ ᠤ ︽ᠲᠤᠮᠳᠠᠳᠤ ᠤᠯᠤᠰ ᠤᠨ ᠪᠤᠭᠤᠲᠤ᠂ ᠬᠤᠪᠣᠷ | ᠰᠢᠷᠤᠢ ᠶᠢᠨ ᠠᠵᠤ ᠦᠢᠯᠡᠰ ᠤᠨ ᠬᠦᠭᠵᠢᠭᠦᠯᠦᠯᠲᠡ ᠶᠢᠨ ᠰᠤᠳᠤᠯᠭᠠᠨ ᠤ ᠬᠤᠷᠠᠯ︾ ᠪᠤᠭᠤᠲᠤ ᠳᠤ ᠠᠮᠵᠢᠯᠲᠠ ᠲᠠᠢ | ᠬᠤᠷᠠᠯᠳᠤᠪᠠ᠃ | 2012 ᠣᠨ᠂ ᠲᠤᠮᠳᠠᠳᠤ ᠤᠯᠤᠰ ᠤᠨ ᠠᠩᠬᠠᠳᠠᠭᠴᠢ ᠲᠤᠰᠬᠠᠶᠢᠯᠠᠨ ᠡᠯ᠎ᠡ ᠲᠦᠷᠦᠯ ᠤᠨ ᠬᠤᠪᠣᠷ | ᠰᠢᠷᠤᠢ ᠶᠢᠨ ᠪᠦᠳᠦᠭᠡᠭᠳᠡᠭᠦᠨ ᠢ ᠰᠣᠯᠢᠯᠴᠠᠬᠤ ᠪᠡᠯᠡᠨ ᠲᠠᠸᠠᠷ ᠤᠨ ᠡᠯᠧᠺᠳ᠋ᠷᠣᠨ ᠠᠷᠠᠯᠵᠢᠶᠠᠨ ᠤ ᠭᠠᠵᠠᠷ — | ᠪᠤᠭᠤᠲᠤ ᠶᠢᠨ ᠬᠤᠪᠣᠷ ᠰᠢᠷᠣᠢ ᠶᠢᠨ ᠪᠦᠲᠦᠭᠡᠭᠳᠡᠭᠦᠨ ᠤ ᠬᠤᠳᠠᠯᠳᠤᠭᠠᠨ ᠤ ᠲᠥᠪ ᠫᠠᠶᠢᠰᠠ ᠰᠡᠬᠦᠪᠡ᠃ | 2015 ᠣᠨ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠪᠠᠶ᠋ᠬᠠᠤᠪᠤᠭ᠎ᠠ ᠬᠤᠪᠣᠷ | ᠰᠢᠷᠣᠢ ᠶᠢᠨ ᠡᠬᠢ ᠪᠠᠶᠠᠯᠢᠭ ᠤᠨ ᠰᠤᠳᠤᠯᠭᠠᠨ ᠪᠠ ᠪᠦᠬᠦ ᠤᠯᠤᠰ ᠤᠨ ᠶᠡᠷᠦᠩᠬᠡᠶᠢᠯᠡᠨ ᠠᠰᠢᠭᠯᠠᠬᠤ ᠴᠢᠬᠤᠯᠠ | ᠰᠤᠳᠤᠯᠭᠠᠨ ᠤ ᠲᠠᠰᠤᠭ ᠪᠠᠶᠢᠭᠤᠯᠬᠤ ᠶᠢ ᠵᠦᠪᠰᠢᠶᠡᠷᠡᠪᠡ᠃ | 2023 ᠣᠨ᠂ ᠰᠢ ᠶᠢᠨ ᠫᠢᠩ ᠶᠡᠷᠦᠩᠬᠡᠢ ᠱᠦᠵᠢ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ | ᠪᠦᠲᠦᠭᠡᠨ ᠪᠠᠶᠢᠭᠤᠯᠬᠤ ᠴᠢᠬᠤᠯᠠ ᠵᠢᠭᠠᠪᠤᠷᠢ ᠢ ᠳᠤᠷᠠᠳᠴᠤ᠂ ᠪᠦᠬᠦ ᠤᠯᠤᠰ ᠤᠨ ᠬᠠᠮᠤᠭ ᠤᠨ ᠲᠣᠮᠣ ᠬᠤᠪᠣᠷ | ᠰᠢᠷᠣᠢ ᠶᠢᠨ ᠰᠢᠨ᠎ᠡ ᠮᠡᠲ᠋ᠧᠷᠢᠶᠠᠯ ᠤᠨ ᠰᠠᠭᠤᠷᠢᠨ ᠪᠠ ᠪᠦᠬᠦ ᠳᠡᠯᠡᠬᠡᠢ ᠶᠢᠨ ᠲᠡᠷᠢᠭᠦᠨ ᠤ ᠬᠤᠪᠤᠷ ᠰᠢᠷᠣᠢ ᠶᠢᠨ | ᠬᠡᠷᠡᠭᠯᠡᠭᠡᠨ ᠤ ᠰᠠᠭᠤᠷᠢᠨ ᠤ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠥᠷᠨᠢᠪᠡ᠃ | 2024 ᠣᠨ᠂ ︽ᠪᠤᠭᠤ ᠲᠠᠢ ᠬᠤᠲᠠ︾ ᠲᠤᠷᠰᠢᠯᠲᠠ ᠶᠢᠨ ᠲᠠᠰᠤᠭ ᠫᠠᠶᠢᠰᠠ ᠡᠯᠭᠦᠪᠡ᠃ |