3 ᠰᠠᠷ᠎ᠠ ᠶᠢᠨ 15 ᠤ ᠡᠳᠦᠷ᠂ ᠣᠯᠠᠨ ᠤ ᠠᠩᠬᠠᠷᠤᠯ ᠢ ᠲᠠᠲᠠᠭᠰᠠᠨ 2025 ᠣᠨ ᠤ ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤᠨ ᠤ ᠮᠠᠰᠢᠨ ᠲᠡᠷᠭᠡᠨ ᠤ ᠲᠤᠬᠠᠢ ᠶᠢᠨ ᠲᠠᠯᠠᠪᠠᠢ ᠶᠢᠨ ᠬᠡᠭᠡᠷᠡᠯᠡᠨ ᠭᠦᠶᠦᠬᠦ ᠤᠷᠤᠯᠳᠤᠭᠠᠨ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠳᠤ ᠶᠠᠪᠤᠭᠳᠠᠪᠠ᠃ ᠪᠦᠬᠦ ᠤᠯᠤᠰ ᠤᠨ ᠡᠯ᠎ᠡ ᠭᠠᠵᠠᠷ ᠠᠴᠠ | ᠢᠷᠡᠭᠰᠡᠨ 11 ᠤᠷᠤᠯᠳᠤᠭᠠᠨ ᠤ ᠲᠡᠷᠭᠡ ᠤᠷᠤᠯᠳᠤᠭᠴᠢ ᠪᠣᠯᠤᠨ ᠦᠪᠡᠷ ᠢᠶᠠᠨ ᠲᠡᠷᠭᠡ ᠵᠢᠯᠤᠭᠤᠳᠬᠤ ᠪᠠᠭ᠋ᠠᠲᠠᠳ | ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠨᠠᠭᠠᠳᠤᠮ ᠠᠵᠤ ᠦᠢᠯᠡᠰ ᠤᠨ ᠬᠦᠷᠢᠶᠠᠯᠡᠩ ᠳᠤ ᠰᠢᠷᠦᠭᠦᠨ | ᠦᠷᠢᠰᠦᠯᠳᠦᠭᠡᠨ ᠶᠠᠪᠤᠭᠤᠯᠵᠠᠢ᠃ ᠬᠡᠳᠦ᠋ᠢᠪᠡᠷ ᠬᠠᠪᠤᠷ ᠤᠨ ᠡᠬᠢᠨ ᠤ ᠲᠠᠯ᠎ᠠ ᠨᠤᠲᠤᠭ ᠮᠦᠨ ᠯᠠ ᠲᠡᠰᠬᠢᠮ᠎ᠡ ᠬᠦᠢᠲᠡᠨ | ᠰᠠᠯᠬᠢ ᠰᠠᠯᠬᠢᠯᠠᠵᠤ᠂ ᠠᠭᠠᠷ ᠤᠨ ᠳᠣᠯᠠᠭᠠᠨ ᠲᠡᠭ ᠠᠴᠠ ᠳᠣᠷᠤᠭᠰᠢ ᠪᠣᠯᠤᠭᠰᠠᠨ ᠪᠣᠯᠪᠠᠴᠤ᠂ ᠲᠡᠷᠭᠡ ᠤᠷᠤᠯᠳᠤᠭᠴᠢ | ᠨᠠᠷ ᠤᠨ ᠬᠠᠯᠠᠭᠤᠨ ᠰᠡᠳᠬᠢᠯᠭᠡ ᠪᠣᠯᠣᠨ ᠦᠵᠡᠭᠴᠢᠳ ᠤᠨ ᠲᠡᠮᠵᠢᠯᠭᠡ ᠨᠢ ᠪᠦᠬᠦ᠋ᠢᠯᠡ ᠤᠷᠤᠯᠳᠤᠭᠠᠨ ᠤ ᠲᠠᠯᠠᠪᠤᠷ ᠤᠨ | ᠬᠠᠯᠠᠭᠤᠨ ᠦᠷᠨᠢᠯᠲᠡ ᠶᠢ ᠬᠦᠭᠵᠢᠭᠡᠪᠡ᠃ ᠬᠠᠬᠢᠷ ᠬᠦᠢᠲᠡᠨ ᠠᠭᠤᠷ ᠠᠮᠢᠰᠬᠤᠯ ᠨᠢ ᠤᠷᠤᠯᠳᠤᠭᠠᠨ ᠤ ᠭᠤᠶᠢᠲᠠ | ᠰᠠᠶᠢᠬᠠᠨ ᠬᠢᠷᠢ ᠬᠡᠮᠵᠢᠶ᠎ᠡ ᠶᠢ ᠬᠠᠷᠠᠬᠠᠨ ᠴᠦ ᠨᠦᠯᠦᠭᠡᠯᠡᠭᠰᠡᠨ ᠦᠭᠡᠢ᠂ ᠬᠠᠷᠢᠨ ᠲᠡᠷᠭᠡ ᠤᠷᠤᠯᠳᠤᠭᠴᠢ ᠨᠠᠷ ᠤᠨ | ᠠᠩᠬᠠᠷᠤᠯ ᠢ ᠨᠡᠩ ᠢᠯᠡᠭᠦᠦ ᠳᠡᠲᠠᠵᠤ᠂ ᠵᠢᠯᠤᠭᠤᠳᠬᠤ ᠮᠡᠷᠭᠡᠵᠢᠯ ᠪᠠ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ | ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠤᠷᠤᠯᠳᠤᠭᠠᠨ ᠤ ᠵᠠᠮ ᠨᠢ ᠡᠯᠡᠰᠦᠷᠬᠡᠭ ᠭᠠᠵᠠᠷ᠂ ᠴᠢᠯᠠᠭᠤ ᠬᠠᠶᠢᠷ ᠲᠠᠢ᠂ | ᠤᠰᠤ ᠲᠠᠢ ᠵᠡᠷᠭᠡ ᠣᠯᠠᠨ ᠵᠦᠢᠯ ᠤᠨ ᠭᠠᠵᠠᠷ ᠤᠨ ᠪᠠᠶᠢᠴᠠ ᠲᠠᠢ᠂ ᠮᠤᠷᠦ᠋ᠢᠯᠲᠠ ᠶᠢᠨ ᠵᠠᠮ ᠪᠠ ᠰᠢᠯᠤᠭᠤᠨ ᠵᠠᠮ | ᠰᠣᠯᠪᠢᠴᠠᠵᠤ᠂ ᠲᠡᠷᠭᠡ ᠤᠷᠤᠯᠳᠤᠭᠴᠢ ᠶᠢᠨ ᠮᠡᠷᠭᠡᠵᠢᠯ ᠪᠠ ᠲᠡᠰᠪᠦᠷᠢ ᠳᠠᠭᠠᠭᠠᠴᠠ ᠳᠤ ᠪᠦᠷ ᠲᠦᠢᠯ ᠤᠨ ᠶᠡᠭᠡ | ᠰᠢᠯᠭᠠᠯᠲᠠ ᠪᠣᠯᠣᠭᠰᠠᠨ ᠪᠠᠶᠢᠨ᠎ᠠ᠃ ᠲᠡᠷᠭᠡ ᠤᠷᠤᠯᠳᠤᠭᠴᠢ ᠨᠠᠷ ᠪᠠᠶᠠᠯᠢᠭ ᠲᠤᠷᠰᠢᠯᠭ᠎ᠠ ᠪᠣᠯᠣᠨ ᠣᠨᠤᠪᠴᠢᠲᠠᠢ | ᠡᠵᠡᠮᠳᠡᠯ ᠢᠶᠠᠷ ᠢᠶᠠᠨ ᠤᠷᠤᠯᠳᠤᠭᠠᠨ ᠤ ᠲᠡᠷᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠦᠵᠡᠭᠴᠢᠳ ᠲᠤ | ᠨᠢᠭᠡ ᠤᠳᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ | | | | | | | |