ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ ᠬᠠᠳᠠᠭᠠᠯᠠᠭᠰᠠᠨ᠂ ᠳᠦᠭᠦᠷᠭᠡᠭᠰᠡᠨ᠂ ᠪᠣᠷᠣᠯᠠᠭᠤᠯᠤᠭᠰᠠᠨ ᠬᠡᠷᠡᠭ ᠢ | ᠠᠮᠵᠢᠯᠲᠠ ᠲᠠᠢ ᠳᠡᠩᠨᠡᠨ ᠢᠯᠡᠷᠡᠭᠦᠯᠵᠡᠢ᠃ ᠡᠭᠦᠨ ᠳᠤ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ 2 | ᠮᠠᠰᠢᠨ ᠲᠡᠷᠭᠡ᠂ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ 2 ᠠᠴᠢᠶᠠᠨ ᠤ ᠮᠠᠰᠢᠨ | ᠲᠡᠷᠭᠡ ᠂ 1 ᠮᠠᠰᠢᠨ ᠲᠡᠷᠭᠡ᠂ 50 ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 30᠂ 15 ᠺᠢᠯᠣᠭ᠍ᠷᠠᠮ ᠤᠨ | ᠰᠢᠩᠭᠡᠵᠢᠯ ᠬᠡᠢ ᠶᠢᠨ ᠰᠠᠪᠠ 25 ᠶᠢ ᠪᠠᠶᠢᠴᠠᠭᠠᠨ ᠭᠠᠷᠭᠠᠵᠤ᠂ ᠬᠠᠤᠯᠢ ᠪᠤᠰᠤ ᠪᠠᠷ ᠬᠠᠳᠠᠭᠠᠯᠠᠭᠰᠠᠨ ᠰᠢᠩᠭᠡᠵᠢᠯ | ᠴᠢᠯᠠᠭᠤᠨ ᠲᠣᠰᠣᠨ ᠤ ᠰᠢᠲᠠᠮᠠᠬᠠᠢ ᠬᠡᠢ ᠪᠣᠯᠣᠨ ᠪᠠᠭᠠᠵᠢ ᠬᠡᠷᠡᠭᠰᠡᠯ ᠢ ᠲᠦᠷ ᠦᠯᠡᠳᠡᠭᠡᠨ ᠠᠪᠴᠤ᠂ ᠬᠡᠷᠡᠭ ᠲᠤ | ᠬᠤᠯᠪᠣᠭᠳᠠᠭᠰᠠᠨ 3 ᠬᠥᠮᠥᠨ ᠢ ᠪᠠᠷᠢᠪᠴᠢᠯᠠᠵᠠᠢ᠃ ᠲᠠᠨᠢᠯᠴᠠᠭᠤᠯᠤᠭᠰᠠᠨ ᠢᠶᠠᠷ᠂ ᠭᠦᠭᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ | ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠡᠳᠦᠷ | ᠲᠤᠲᠤᠮ ᠤᠨ ᠠᠵᠢᠯ ᠤᠨ ᠲᠣᠭᠤᠷᠢᠨ ᠴᠠᠭᠳᠠᠬᠤ ᠶᠠᠪᠤᠴᠠ ᠳᠠᠭᠠᠨ᠂ ᠭᠦᠭᠡᠬᠤᠲᠠ ᠶᠢᠨ ᠰᠠᠶᠢᠬᠠᠨ | ᠲᠣᠭᠤᠷᠢᠭ ᠤᠨ ᠶᠢᠨ ᠾᠧ ᠪᠠᠯᠭᠠᠰᠤᠨ ᠤ ᠨᠢᠭᠡᠨ ᠲᠣᠰᠬᠤᠨ ᠤ ᠬᠤᠭᠤᠰᠤᠨ ᠬᠦᠷᠢᠶᠡᠨ ᠳᠤ ᠦᠷᠭᠦᠯᠵᠢ ᠲᠣᠮᠣ | ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ ᠮᠠᠰᠢᠨ ᠲᠡᠷᠭᠡ ᠪᠠ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ | ᠸᠠᠭᠤᠨ ᠮᠠᠶ᠋ᠢᠭ ᠤᠨ ᠠᠴᠢᠶᠠᠨ ᠤ ᠮᠠᠰᠢᠨ ᠲᠡᠷᠭᠡ ᠣᠷᠣᠵᠤ ᠭᠠᠷᠴᠤ ᠪᠠᠶᠢᠬᠤ ᠶᠢ ᠣᠯᠵᠤ ᠮᠠᠲᠠᠵᠠᠢ᠃ ᠴᠠᠭᠳᠠᠭ᠎ᠠ ᠨᠠᠷ | ᠲᠣᠰ ᠭᠠᠵᠠᠷ ᠲᠤ ᠲᠠᠩᠨᠠᠨ ᠪᠠᠶᠢᠴᠠᠭᠠᠯᠲᠠ ᠬᠢᠵᠦ᠂ ᠲᠣᠰ ᠬᠤᠭᠤᠰᠤᠨ ᠬᠦᠷᠢᠶᠡᠨ ᠳᠣᠲᠣᠷ᠎ᠠ ᠰᠢᠩᠭᠡᠵᠢᠯ ᠬᠡᠢ ᠶᠢ | ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠡᠭᠦᠷ ᠢ ᠢᠯᠡᠷᠡᠭᠦᠯᠵᠡᠢ᠃ ᠪᠠᠶᠢᠴᠠᠭᠠᠭᠰᠠᠨ ᠢᠶᠠᠷ | ᠂ ᠶᠠᠯ᠎ᠠ ᠶᠢᠨ ᠰᠡᠵᠢᠭᠲᠡᠨ ᠵᠣᠣ ᠣᠪᠣᠭᠲᠤ ᠵᠡᠷᠭᠡ 3 ᠬᠥᠮᠥᠨ ᠰᠤᠯᠠ ᠪᠠᠶᠢᠭ᠎ᠠ ᠬᠦᠷᠢᠶᠡᠨ ᠳᠤ ᠰᠢᠩᠭᠡᠵᠢᠯ ᠴᠢᠯᠠᠭᠤᠨ | ᠲᠣᠰᠣᠨ ᠤ ᠰᠢᠲᠠᠮᠠᠬᠠᠢ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠪᠠᠶᠢᠨ᠎ᠠ᠃ | ᠣᠳᠣᠬᠠᠨ ᠳᠤ ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ 3 ᠬᠥᠮᠥᠨ ᠢ | ᠡᠵᠡᠮᠳᠡᠵᠦ᠂ ᠬᠡᠷᠡᠭ ᠢ ᠤᠯᠠᠮ ᠴᠢᠨᠠᠭᠰᠢᠳᠠ ᠳᠡᠩᠨᠡᠨ ᠰᠢᠢᠳᠪᠦᠷᠢᠯᠡᠵᠦ ᠪᠠᠶᠢᠨ᠎ᠠ᠃ ᠴᠠᠭᠳᠠᠭᠠᠨ ᠤ ᠰᠠᠨᠠᠭᠤᠯᠤᠮᠵᠢ᠄ | ᠰᠢᠩᠭᠡᠵᠢᠯ ᠬᠡᠢ᠂ ᠴᠢᠶ᠋ᠢᠦ ᠲᠣᠰᠣ ᠵᠡᠷᠭᠡ ᠪᠣᠯ ᠠᠶᠤᠯᠲᠠᠢ ᠬᠢᠮᠢ ᠶᠢᠨ ᠪᠣᠳᠠᠰ ᠮᠥᠨ᠂ ᠤᠯᠤᠰ ᠠᠴᠠ ᠲᠡᠭᠦᠨ ᠤ | ᠡᠵᠡᠩᠨᠡᠯᠲᠡ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠳᠡᠭ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠣᠯᠣᠭᠰᠠᠨ ᠦᠭᠡᠢ ᠪᠣᠯ | ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠤᠯᠬᠤ ᠦᠭᠡᠢ᠃ ᠠᠮᠢᠳᠤᠷᠠᠯ ᠳᠤᠮᠳᠠ ᠵᠠᠷᠢᠮ | ᠬᠥᠮᠥᠨ ᠰᠢᠩᠭᠡᠵᠢᠯ ᠬᠡᠢ ᠶᠢ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠠᠶᠢᠬᠤ ᠶᠢ ᠣᠯᠵᠤ | ᠮᠡᠳᠡᠪᠡᠯ᠂ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ᠂ ᠰᠠᠨᠠᠭᠠᠨ ᠳᠤ | ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ᠃ |