ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠲᠥᠯᠥᠭᠡ᠂ ᠰᠢᠪᠡᠷᠬᠦ᠋ᠷᠢᠶ᠎ᠡ ᠪᠠᠯᠭᠠᠰᠤ ᠶᠢᠨ ᠬᠢᠨ ︽ | ᠠᠭᠠᠷ ᠲᠠᠬᠢ + ᠭᠠᠵᠠᠷ ᠳᠡᠭᠡᠷᠡᠬᠢ︾ ︽ᠬᠥᠮᠦᠨ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ︾ ᠶᠢᠨ | ᠪᠣᠰᠤᠭ᠎ᠠ ᠴᠣᠭᠴᠠᠲᠤ ᠪᠠᠶᠢᠴᠠᠭᠠᠨ ᠰᠢᠯᠭᠠᠬᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠵᠤ᠂ ᠤᠢ ᠰᠢᠭᠤᠢ ᠡᠪᠡᠰᠦ | ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠨᠠᠭᠰᠢᠳᠠ ᠴᠢᠩᠭᠠᠳᠬᠠᠵᠤ᠂ ︽ᠨᠡᠮᠡᠭᠳᠡᠯ︾ ᠢ ᠡᠷᠡᠰ ᠬᠤᠷᠢᠭᠯᠠᠵᠤ᠂ | ᠲᠣᠭᠤᠷᠢᠨ ᠪᠠᠶᠢᠴᠠᠭᠠᠬᠤ ᠠᠵᠢᠯ ᠢ ᠥᠨᠴᠥᠭ ᠪᠤᠯᠤᠩ ᠦᠯᠡᠳᠡᠬᠡᠬᠦ ᠦᠭᠡᠢ ᠪᠦᠬᠦᠨ ᠢ ᠬᠠᠮᠤᠷᠤᠨ ᠪᠠᠶᠢᠴᠠᠭᠠᠬᠤ ᠶᠢ | ᠪᠠᠲᠤᠯᠠᠪᠠ᠃ | ᠥᠩᠭᠡᠷᠡᠭᠰᠡᠨ ᠳᠤ᠂ ᠣᠶ ᠰᠢᠭᠤᠶ ᠨᠤᠲᠤᠭ ᠪᠡᠯᠴᠢᠭᠡᠷ ᠢ ᠰᠦᠢᠳᠭᠡᠬᠦ ᠦᠢᠯᠡ ᠠᠵᠢᠯᠯᠠᠭ᠎ᠠ ᠤᠯᠠᠩᠬᠢ ᠳᠤ ᠪᠠᠨ | ᠰᠥᠨᠢ ᠶᠢᠨ ᠬᠦᠨ ᠳᠤ ᠲᠠᠯᠳᠠᠭᠤᠷ ᠶᠠᠪᠤᠭᠳᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠷᠠᠭᠠᠰᠤ | ᠬᠢᠵᠠᠭᠠᠷᠯᠠᠭᠳᠠᠵᠤ᠂ ᠭᠠᠵᠠᠷ ᠤᠨ ᠪᠠᠶᠢᠴᠠ ᠪᠤᠳᠤᠯᠢᠶᠠᠨᠲᠠᠶ ᠵᠡᠷᠭᠡ ᠬᠦᠴᠦᠨ ᠵᠦᠢᠯ ᠠᠴᠠ ᠴᠠᠭ ᠲᠤᠬᠠᠶ ᠳᠤᠨᠢ ᠣᠯᠵᠤ | ᠮᠡᠳᠡᠬᠦ ᠦᠭᠡᠢ ᠪᠠᠶᠢᠵᠤ ᠬᠤᠷᠢᠭᠯᠠᠨ ᠵᠣᠭᠰᠣᠭᠠᠬᠤ ᠳᠤ ᠪᠡᠷᠬᠡ ᠪᠠᠶᠢᠵᠠᠢ᠃ ᠡᠨᠡᠬᠦ ᠰᠠᠨᠠᠭᠠᠴᠢᠯᠠᠭᠠᠲᠤ ᠪᠤᠰᠤ ᠪᠠᠶᠢᠳᠠᠯ ᠢ | ᠬᠤᠪᠢᠷᠠᠭᠤᠯᠬᠤ ᠶᠢᠨ ᠲᠥᠯᠥᠭᠡ᠂ ᠰᠢᠪᠡᠷᠬᠦ᠋ᠷᠢᠶ᠎ᠡ ᠪᠠᠯᠭᠠᠰᠤᠨ ᠤ ᠵᠠᠰᠠᠭ ᠤᠨ ᠣᠷᠳᠣᠨ ᠵᠢᠯᠣᠭᠤᠴᠢ ᠦᠭᠡᠢ | ᠨᠢᠰᠬᠡᠯ ᠤᠨ ᠮᠡᠷᠭᠡᠵᠢᠯ ᠢ ᠠᠰᠢᠭᠯᠠᠬᠤ ᠪᠠᠷ ᠳᠠᠮᠵᠢᠨ᠂ ᠲᠡᠭᠦᠨ ᠤ ᠬᠦᠳᠡᠯᠦᠩᠬᠦᠢ ᠴᠢᠨᠠᠷ ᠢᠶᠠᠷ ᠴᠢᠩᠭ᠎ᠠ᠂ ᠬᠠᠷᠠᠭᠠᠰᠤ | ᠥᠷᠭᠡᠨ᠂ ᠭᠠᠵᠠᠷ ᠤᠨ ᠪᠠᠶᠢᠴᠠ ᠶᠢᠨ ᠬᠢᠵᠠᠭᠠᠷᠯᠠᠯ ᠢ ᠬᠦᠯᠢᠶᠡᠬᠦ ᠦᠭᠡᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠰᠥᠨᠢ ᠪᠠᠷ ᠲᠣᠭᠤᠷᠢᠨ ᠪᠠᠶᠢᠴᠠᠭᠠᠬᠤ ᠰᠢᠨ᠎ᠡ ᠵᠠᠭᠪᠤᠷ ᠢ ᠨᠡᠭᠡᠭᠡᠵᠦ᠂ ᠲᠡᠭᠡᠭᠡᠵᠦ ᠭᠠᠷᠭᠠᠭᠰᠠᠨ ᠣᠨᠴᠠ ᠲᠣᠳᠣ | ᠤᠯᠠᠭᠠᠨ ᠤ ᠭᠠᠳᠠᠨᠠᠬᠢ ᠳᠦᠷᠰᠦ ᠰᠢᠩᠭᠡᠭᠡᠯᠲᠡ ᠶᠢᠨ ᠮᠠᠰᠢᠨ ᠨᠢ ᠭᠠᠵᠠᠷ ᠤᠨ ᠭᠠᠳᠠᠷᠭᠤ ᠶᠢᠨ ᠪᠠᠶᠢᠳᠠᠯ ᠢ ᠦᠳᠲᠡᠷ | ᠲᠦᠷᠭᠡᠨ ᠰᠢᠷᠪᠢᠵᠦ᠂ ᠴᠠᠭ ᠲᠤᠬᠠᠶ ᠳᠤᠨᠢ ᠵᠢᠷᠤᠭ ᠳᠦᠷᠰᠦ ᠶᠢ ᠭᠠᠵᠠᠷ ᠲᠠᠬᠢ ᠡᠵᠡᠮᠳᠡᠬᠦᠷ ᠤᠨ ᠲᠠᠰᠤᠭ ᠳᠤ | ᠳᠠᠮᠵᠢᠭᠤᠯᠵᠤ᠂ ᠶᠠᠮᠠᠷᠪᠠ ᠬᠡᠪ ᠤᠨ ᠪᠤᠰᠤ ᠠᠵᠢᠯᠯᠠᠭ᠎ᠠ ᠨᠢ ᠴᠥᠮ ᠨᠢᠭᠤᠵᠤ ᠲᠠᠯᠳᠠᠯᠠᠵᠤ ᠲᠡᠶᠢᠯᠬᠦ ᠦᠬᠡᠢ᠂ ᠣᠢ | ᠰᠢᠭᠤᠶ ᠡᠪᠡᠰᠦ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠶᠢ ᠬᠦᠴᠦᠲᠡᠶ | ᠰᠦᠷᠳᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢᠪᠡᠷᠬᠦ᠋ᠷᠢᠶ᠎ᠡ ᠪᠠᠯᠭᠠᠰᠤᠨ ᠤ ᠵᠠᠰᠠᠭ ᠤᠨ ᠣᠷᠳᠣᠨ ᠦᠷᠭᠦᠯᠵᠢᠯᠡᠨ ᠥᠨᠳᠥᠷ | ᠳᠠᠷᠤᠯᠲᠠᠲᠤ ᠪᠠᠶᠢᠳᠠᠯ ᠢᠶᠠᠷ᠂ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠡᠷᠦᠢ ᠬᠤᠷᠤᠢ ᠦᠬᠡᠢ ᠦᠵᠡᠭᠳᠡᠯ ᠢ | ᠥᠴᠦᠬᠡᠨ ᠴᠦ ᠠᠭᠤᠴᠢᠯᠠᠬᠤ ᠦᠭᠡᠢ ᠪᠠᠶᠢᠵᠤ᠂ ᠡᠷᠡᠰ ᠴᠢᠩᠭ᠎ᠠ ᠬᠤᠷᠢᠭᠯᠠᠵᠤ᠂ ︽ᠡᠷᠲᠡ ᠢᠯᠡᠷᠡᠭᠦᠯᠵᠦ᠂ ᠡᠷᠲᠡ | ᠰᠡᠷᠭᠡᠶᠢᠯᠡᠬᠦ︾ ᠶᠢ ᠠᠵᠢᠯᠯᠠᠭᠠᠨ ᠤ ᠪᠠᠷᠢᠮᠵᠢᠶ᠎ᠠ ᠪᠣᠯᠭᠠᠵᠤ᠂ ᠰᠦᠪᠡᠭᠴᠢ ᠶᠢ ᠬᠦᠯᠢᠶᠡᠨ ᠠᠪᠬᠤ ᠠᠷᠭ᠎ᠠ ᠵᠠᠮ ᠢ | ᠥᠷᠭᠡᠳᠬᠡᠵᠦ᠂ ᠤᠯᠠᠨ ᠲᠦᠮᠡᠨ ᠢ ᠲᠠᠶᠢᠴᠢᠯᠠᠨ ᠬᠢᠨᠠᠯᠲᠠ ᠲᠠᠯᠪᠢᠬᠤ ᠳᠤ ᠣᠷᠣᠯᠴᠠᠭᠤᠯᠵᠤ᠂ ︽ᠬᠥᠮᠦᠨ ᠪᠦᠬᠦᠨ | ᠣᠷᠣᠯᠴᠠᠵᠤ᠂ ᠬᠥᠮᠦᠨ ᠪᠦᠬᠦᠨ ᠬᠢᠨᠠᠯᠲᠠ ᠲᠠᠯᠪᠢᠬᠤ︾ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ | ᠬᠢᠯᠪᠡᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ | ᠰᠠᠬᠢᠨ ᠬᠠᠮᠠᠭᠠᠯᠠᠨ᠎ᠠ᠃ |