ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠰᠢᠨ᠎ᠡ ᠠᠷᠭ᠎ᠠ  ᠵᠠᠮ
ᠨᠡᠶᠢᠲᠡᠯᠡᠭᠰᠡᠨ ᠴᠠᠭ᠄
2025/4/15
      ︽ᠬᠤᠷ᠎ᠠ ᠪᠣᠷᠣᠭᠠᠨ ᠴᠥᠭᠡᠨ᠂ ᠬᠥᠷᠥᠰᠥ ᠰᠢᠷᠤᠢ ᠶᠢᠨ ᠴᠢᠭᠢᠴᠡ ᠶᠢᠨ ᠬᠡᠮᠵᠢᠶ᠎ᠡ ᠳᠣᠣᠷ᠎ᠠ᠂  ᠠᠭᠠᠷ ᠤᠨ ᠡᠷᠭᠢᠯᠲᠡ ᠶᠢᠨ ᠬᠥᠳᠡᠯᠭᠡᠭᠡᠨ ᠠᠷᠪᠢᠨ︾ ᠪᠠᠶᠢᠳᠠᠭ ᠬᠠᠪᠤᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤ ᠵᠠᠪᠠᠯ ᠰᠠᠯᠬᠢ ᠡᠯᠡᠰᠤᠨ ᠰᠢᠭᠤᠷᠭᠠᠨ ᠲᠠᠢ ᠬᠡᠳᠦᠨ ᠡᠳᠦᠷ ᠢᠯᠡᠷᠡᠳᠡᠭ᠃ ᠮᠠᠨᠳᠤᠯ ᠪᠠᠯᠭᠠᠰᠤ ᠪᠣᠯ ᠡᠬᠡ ᠤᠯᠤᠰ ᠤᠨ ᠤᠮᠠᠷᠠᠲᠤ ᠬᠡᠰᠡᠭ ᠲᠤ ᠪᠠᠶᠢᠷᠢᠯᠠᠵᠤ᠂ ᠤᠮᠠᠷᠠᠲᠤ ᠠᠴᠠ ᠡᠯᠡᠰᠦᠨ ᠰᠢᠭᠤᠷᠭ᠎ᠠ ᠪᠤᠰᠴᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠨᠤᠲᠤᠭ ᠪᠡᠯᠴᠢᠭᠡᠷ ᠤᠨ ᠠᠮᠢ ᠠᠬᠤᠶ ᠳᠣᠷᠣᠢ ᠪᠠᠶᠢᠳᠠᠯ ᠳᠣᠣᠷ᠎ᠠ᠂ ︽ᠲᠩᠷᠢ ᠶᠢᠨ ᠴᠢᠷᠠᠶ ᠶᠢ ᠬᠠᠷᠠᠵᠤ ᠮᠠᠯ ᠮᠠᠯᠵᠢᠬᠤ︾ ᠠᠮᠢᠳᠤᠷᠠᠯ ᠤᠨ ᠭᠡᠮ ᠰᠣᠭᠤᠭ ᠤᠯᠠᠮ ᠢᠯᠡᠷᠬᠡᠶ ᠪᠣᠯᠵᠤ᠂ ᠮᠠᠯᠴᠢᠳ ᠨᠤᠲᠤᠭ ᠪᠡᠯᠴᠢᠭᠡᠷ ᠤᠨ ᠠᠮᠢ ᠠᠬᠤᠶ ᠪᠠ ᠮᠠᠯ ᠤᠨᠤᠭ᠎ᠠ ᠶᠢᠨ ᠠᠰᠢᠭ ᠣᠷᠣᠯᠭ᠎ᠠ  ᠳᠤ ᠨᠠᠩ ᠢᠯᠡᠭᠦᠦ ᠰᠠᠨᠠᠭᠠᠰᠢᠷᠠᠵᠤ ᠪᠠᠶᠢᠨ᠎ᠠ᠃      ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠤᠶᠠᠷ ᠪᠥᠬᠦᠨ ᠢ ᠪᠡᠶᠡᠯᠡᠭᠦᠯᠵᠥ᠂ ᠨᠤᠲᠤᠭ ᠪᠡᠯᠴᠢᠭᠡᠷ ᠤᠨ ᠠᠮᠢ ᠠᠬᠤᠶ ᠰᠠᠶᠢᠨ᠂ ᠮᠠᠯ ᠠᠵᠤ ᠠᠬᠤᠶ ᠶᠢᠨ ᠬᠥᠭᠵᠢᠯᠲᠡ ᠰᠢᠯᠢᠳᠡᠭ᠂ ᠮᠠᠯᠴᠢᠳ ᠤᠨ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠰᠠᠶᠢᠨ ᠣᠷᠴᠢᠯ ᠢ ᠪᠡᠶᠡᠯᠡᠭᠦᠯᠬᠦ ᠶᠢᠨ ᠲᠥᠯᠥᠭᠡ᠂ ᠮᠠᠨᠳᠤᠯ ᠪᠠᠯᠭᠠᠰᠤ ᠤᠯᠤᠰ ᠤᠨ ᠥᠮᠴᠢᠯᠡᠯᠳᠥ ᠺᠣᠮᠫᠠᠨᠢ ᠪᠠᠷ ᠭᠤᠣᠯᠯᠠᠨ ᠪᠡᠯᠡ ᠮᠥᠩᠭᠦ ᠬᠤᠷᠠᠮᠳᠤᠭᠤᠯᠤᠨ ᠨᠢᠭᠡᠳᠬᠡᠵᠥ᠂  ᠬᠤᠷᠰᠢᠶ᠎ᠡ ᠠᠴᠠ ᠮᠠᠯᠴᠢᠨ᠂ ᠬᠤᠶᠠᠷ ᠲᠥᠯᠥᠭᠡᠯᠡᠭᠴᠢ ᠨᠢᠭᠡ ᠭᠡᠰᠢᠭᠦᠨ ᠢ ᠵᠣᠬᠢᠶᠠᠨ ᠪᠠᠶᠢᠭᠤᠯᠤᠨ ᠬᠤᠪᠢ ᠣᠷᠣᠭᠤᠯᠬᠤ ᠬᠡᠯᠪᠡᠷᠢ ᠪᠠᠷ ︽ᠨᠢᠭᠡᠳᠦᠯᠲᠡᠶ ᠲᠡᠵᠢᠭᠡᠬᠦ︾ ᠲᠥᠷᠥᠯ ᠵᠦᠢᠯ ᠳᠤ ᠣᠷᠣᠯᠴᠠᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠲᠤᠷᠰᠢᠯᠭ᠎ᠠ ᠶᠢ ᠪᠦᠷᠢᠯᠳᠦᠭᠦᠯᠦᠭᠰᠡᠨ ᠭᠤᠷᠪᠠᠳᠠᠬᠢ ᠡᠲᠡᠭᠡᠳ ᠤᠨ ᠺᠣᠮᠫᠠᠨᠢ ᠶᠢ ᠣᠷᠣᠭᠤᠯᠤᠨ ᠠᠪᠴᠢᠷᠠᠵᠤ ᠲᠡᠵᠢᠭᠡᠨ ᠦᠷᠡᠵᠢᠭᠦᠯᠬᠦ ᠠᠴᠠ ᠪᠣᠷᠣᠯᠠᠭᠤᠯᠬᠤ ᠬᠦᠷᠲᠡᠯᠡᠬᠢ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ︽ᠪᠤᠶᠢᠵᠢᠭᠤᠯᠬᠤ᠂ ᠲᠡᠵᠢᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠠᠮᠢ ᠠᠬᠤᠶ ᠶᠢᠨ ᠬᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ᠃      ᠮᠠᠨᠳᠤᠯ ᠪᠠᠯᠭᠠᠰᠤᠨ ᠤ ᠮᠠᠯᠴᠢᠨ ᠡᠷᠳᠡᠨᠢᠴᠢᠯᠠᠭᠤ ᠶᠢᠨ ᠭᠡᠷ ᠲᠤ ᠬᠥᠷᠬᠦ ᠳᠤ᠂ ᠮᠠᠨᠳᠤᠯ ᠪᠠᠯᠭᠠᠰᠤᠨ ᠤ ᠵᠠᠰᠠᠭ ᠤᠨ ᠤᠷᠳᠤᠨ ᠪᠤᠯᠤᠨ ᠭᠤᠧᠠᠩ ᠲᠠᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠬᠤᠯᠪᠤᠭᠠᠯᠠᠨ ᠬᠤᠷᠠᠭ᠎ᠠ ᠬᠤᠳᠠᠯᠳᠤᠨ ᠠᠪᠬᠤ ᠠᠵᠢᠯ ᠢ ᠶᠠᠭ ᠦᠷᠨᠢᠭᠦᠯᠵᠦ ᠪᠠᠶᠢᠯ᠎ᠠ᠃ ︽ᠥᠩᠭᠡᠷᠡᠭᠰᠡᠨ ᠳᠤ ᠬᠤᠷᠠᠭ᠎ᠠ ᠬᠤᠳᠠᠯᠳᠤᠬᠤ ᠳᠤ ᠪᠦᠷ ᠬᠤᠪᠢ ᠵᠠᠶᠠᠭ᠎ᠠ ᠳᠤ ᠪᠠᠨ ᠳᠦᠰᠢᠭᠯᠡᠵᠥ᠂ ᠦᠨ᠎ᠡ ᠬᠠᠩᠰᠢ ᠨᠢ ᠮᠠᠭᠤ ᠦᠶ᠎ᠡ ᠳᠤ ᠲᠡᠭᠡᠭᠡᠪᠦᠷᠢ ᠶᠢᠨ ᠵᠠᠷᠤᠳᠠᠯ ᠢᠶᠠᠨ ᠴᠦ ᠣᠯᠵᠤ ᠠᠪᠴᠢᠷᠠᠵᠤ ᠳᠡᠶᠢᠯᠭᠦ ᠢᠷᠡᠬᠦ ᠦᠭᠡᠢ︾ ᠬᠡᠵᠥ ᠮᠠᠯᠴᠢᠨ ᠡᠷᠳᠡᠨᠢᠴᠢᠯᠠᠭᠤ ᠠᠵᠤ ᠠᠬᠤᠶ ᠶᠢᠨ ᠳᠠᠩᠰᠡ ᠪᠠᠨ ᠪᠣᠳᠣᠵᠤ ᠶᠠᠷᠢᠭᠰᠠᠨ ᠨᠢ᠄ ︽ᠮᠠᠨ ᠤ ᠡᠨᠡ ᠤᠳᠠᠭᠠᠨ ᠤ ᠬᠤᠳᠠᠯᠳᠤᠵᠤ ᠭᠠᠷᠭᠠᠭᠰᠠᠨ ᠬᠤᠷᠠᠭ᠎ᠠ ᠶᠢᠨ ᠦᠨ᠎ᠡ ᠨᠢ ᠵᠠᠬ᠎ᠠ ᠳᠡᠯᠭᠡᠭᠦᠷ ᠤᠨ ᠦᠨ᠎ᠡ ᠠᠴᠠ ᠪᠠᠰᠠ ᠥᠨᠳᠥᠷ ᠪᠠᠶᠢᠵᠤ᠂ ᠪᠠᠯᠭᠠᠰᠤᠨ ᠤ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂  ᠥᠩᠭᠡᠷᠡᠭᠰᠡᠨ ᠠᠴᠠ ᠬᠤᠷᠠᠭ᠎ᠠ ᠪᠦᠷᠢ ᠳᠡᠭᠡᠷ᠎ᠡ 120 ᠲᠥᠭᠦᠷᠢᠭ ᠢᠯᠡᠭᠦᠥ ᠬᠤᠳᠠᠯᠳᠤᠵᠤ᠂ ᠪᠠᠰᠠ ᠵᠥᠭᠡᠭᠡᠪᠦᠷᠢ ᠶᠢᠨ  ᠶᠠᠷᠰᠢᠭ ᠦᠭᠡᠢ ᠪᠠᠶᠢᠯ᠎ᠠ︾ ᠭᠡᠵᠡᠢ᠃     ᠬᠤᠷᠰᠢᠶ᠎ᠠ ᠨᠢ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠲᠦᠰᠢᠭᠯᠡᠨ᠂ ᠬᠤᠳᠠᠯᠳᠤᠨ ᠠᠪᠤᠭᠰᠠᠨ ᠬᠤᠷᠠᠭ᠎ᠠ ᠶᠢ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠶᠢᠨ ᠬᠠᠮᠲᠤ ᠣᠷᠭᠠᠨᠢᠭ ᠪᠦᠲᠦᠭᠡᠭᠳᠡᠬᠦᠨ ᠢ ᠱᠠᠯᠠᠪᠳᠠᠨ ᠪᠠᠶᠢᠭᠤᠯᠵᠤ᠂ ᠥᠪᠥᠷ ᠮᠣᠩᠭᠤᠯ ᠤᠨ ᠮᠦ ᠯᠠᠢ ᠭᠧ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠮᠢ ᠠᠬᠤᠶᠢᠵᠢᠭᠰᠠᠨ᠂ ᠨᠠᠷᠠᠲᠤ ᠲᠡᠮᠳᠡᠭᠵᠢᠭᠰᠡᠨ ᠲᠡᠰᠢ ᠠᠯᠬᠤᠮ ᠠᠯᠬᠤᠮ ᠢᠶᠠᠷ ᠤᠷᠤᠭᠰᠢᠯᠠᠪᠠ᠃ ᠡᠨᠡ ᠬᠦ ᠬᠡᠪᠴᠢᠶᠡᠵᠢᠭᠰᠡᠨ ᠡᠵᠡᠩᠨᠡᠯᠲᠡ ᠨᠢ ᠬᠤᠪᠢ ᠶᠢᠨ ᠮᠠᠯᠴᠢᠳ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ᠂ ᠮᠠᠯᠴᠢᠳ ᠤᠨ ᠮᠠᠯ ᠤᠨᠤᠭ᠎ᠠ ᠪᠠᠨ ᠪᠣᠷᠣᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠳᠠᠭᠠᠭᠠᠴᠠ ᠶᠢ ᠬᠥᠳᠡᠯᠦᠩᠭᠦᠶ ᠪᠠᠷ ᠲᠣᠬᠢᠷᠠᠭᠤᠯᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠬᠦ ᠪᠣᠯᠤᠨ᠎ᠠ᠃      ᠣᠶᠢᠯᠠᠭᠠᠭᠰᠠᠨ ᠢᠶᠠᠷ᠂ ᠣᠳᠣᠬᠠᠨ ᠳᠤ ᠮᠠᠨᠳᠤᠯ ᠪᠠᠯᠭᠠᠰᠤᠨ ᠤ 14 ᠮᠠᠯᠵᠢᠬᠤ ᠡᠷᠦᠬᠡ ᠨᠢᠭᠡᠨᠲᠡ ᠬᠤᠷᠰᠢᠶ᠎ᠠ ᠳᠤ ᠣᠷᠣᠵᠤ᠂ ᠠᠷᠠᠯᠵᠢᠶᠠᠨ ᠤ ᠬᠡᠮᠵᠢᠶ᠎ᠡ ᠨᠢ 186920 ᠲᠥᠭᠦᠷᠢᠭ ᠲᠤ ᠬᠦᠷᠴᠡᠶ᠃ ᠡᠨᠡ ᠵᠢᠯ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ 1000 ᠳᠣᠯᠣᠭᠠᠢ ᠬᠤᠳᠠᠯᠳᠤᠨ ᠠᠪᠬᠤ ᠪᠠᠷ ᠵᠢᠱᠢᠵᠦ ᠪᠠᠶᠢᠨ᠎ᠠ ᠃ ︽ᠮᠠᠯ ᠢ ᠪᠠᠭᠠᠰᠬᠠᠭᠠᠳ ᠣᠷᠣᠯᠭ᠎ᠠ ᠶᠢ ᠬᠠᠰᠤᠭᠳᠠᠭᠤᠯᠬᠤ ᠦᠭᠡᠢ᠂ ᠠᠮᠢ ᠠᠬᠤᠢ ᠶᠢ ᠨᠡᠩ ᠰᠢᠯᠢᠳᠡᠭᠵᠢᠭᠦᠯᠬᠦ︾ ᠰᠢᠨ᠎ᠡ ᠶᠢ ᠡᠭᠦᠳᠬᠦ ᠦᠢᠯᠡᠳᠦᠯᠭᠡ ᠪᠠᠷ ᠳᠠᠮᠵᠢᠭᠤᠯᠵᠤ᠂ ᠮᠠᠨᠳᠤᠯ ᠪᠠᠯᠭᠠᠰᠤ ᠶᠠᠭ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠰᠠᠶᠢᠨ ᠣᠷᠴᠢᠯ ᠤᠨ ᠰᠢᠨ᠎ᠡ ᠠᠷᠭ᠎ᠠ ᠵᠠᠮ ᠢ  ᠰᠥᠪᠡᠭᠴᠢᠯᠡᠵᠥ ᠪᠠᠶᠢᠨ᠎ᠠ᠃      ︽ᠲᠩᠷᠢ ᠶᠢᠨ ᠴᠢᠷᠠᠶ ᠶᠢ ᠬᠠᠷᠠᠵᠤ ᠮᠠᠯᠵᠢᠵᠤ︾ ᠪᠠᠶᠢᠭᠰᠠᠨ ᠠᠴᠠ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠬᠦᠷᠲᠡᠯ᠎ᠡ᠂ ᠮᠠᠨᠳᠤᠯ ᠪᠠᠯᠭᠠᠰᠤᠨ ᠤ ᠠᠮᠢᠳᠤᠯᠢᠭ ᠦᠢᠯᠡᠳᠦᠯᠭᠡ ᠬᠡᠷᠡᠴᠢᠯᠡᠭᠰᠡᠨ ᠨᠢ᠄ ᠭᠠᠭᠴᠠ ᠬᠦ ᠠᠮᠢ ᠠᠬᠤᠢ ᠶᠢᠨ ᠬᠠᠮᠠᠭᠠᠯᠠᠯᠲᠠ ᠶᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠪᠠᠯ ᠰᠠᠶ᠋ᠢ ᠨᠤᠲᠤᠭ ᠪᠡᠯᠴᠢᠭᠡᠷ ᠢ ᠦᠨᠡᠨᠬᠦ ᠮᠠᠯᠴᠢᠳ ᠤᠨ ᠠᠮᠤᠷ ᠲᠠᠶᠢᠪᠤᠩ ᠠᠵᠤ ᠲᠦᠷᠦᠭᠦ ᠪᠣᠬᠢᠷᠲᠤᠯ ᠦᠭᠡᠢ ᠭᠡᠷ ᠣᠷᠣᠨ ᠪᠣᠯᠭᠠᠵᠤ ᠴᠢᠳᠠᠨ᠎ᠠ᠃ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠵᠠᠭᠪᠤᠷ ᠢ ᠭᠦᠨᠵᠡᠭᠡᠶᠢᠷᠡᠨ ᠳᠡᠯᠭᠡᠷᠡᠭᠦᠯᠬᠦ ᠶᠢ ᠳᠠᠭᠠᠯᠳᠤᠨ᠂ ᠭᠤᠪᠢ ᠶᠢᠨ ᠲᠠᠯ᠎ᠠ ᠨᠤᠲᠤᠭ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠬᠤ ᠪᠣᠯᠣᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号