ᠰᠠᠭᠤᠭᠠᠯᠢ ᠠᠷᠠᠳ ᠨᠠᠶᠢᠵᠠ ᠨᠠᠷ ᠡ᠄ | ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠣᠯᠠᠨ ᠤ ᠶᠠᠪᠤᠵᠤ ᠰᠠᠭᠤᠬᠤ | ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠳᠤᠬᠠᠭᠠᠯᠭ᠎ᠠ ᠪᠠᠯᠭᠠᠰᠤᠨ ᠤ ᠬᠤᠲᠠ ᠶᠢ ᠰᠢᠨᠡᠳᠬᠡᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠳᠠᠷᠬᠠᠨ | ᠮᠤᠤᠮᠢᠩᠭᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠪᠢᠨ ᠾᠧ ᠵᠠᠮ ᠤᠨ ᠪᠣᠷᠣᠭᠠᠨ ᠤ ᠤᠰᠤᠨ ᠤ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ ᠲᠥᠷᠥᠯ ᠵᠦᠢᠯ ᠢ 4 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠭᠦᠯᠵᠦ᠂ 6 ᠰᠠᠷ᠎ᠠ ᠳᠤ ᠪᠠᠷᠢᠵᠤ | ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠣᠰ ᠤᠳᠠᠭᠠᠨ ᠤ ᠥᠭᠡᠷᠡᠴᠢᠯᠡᠯᠲᠡ ᠶᠢᠨ ᠵᠠᠮ ᠤᠨ ᠬᠤᠶᠢᠲᠤ ᠲᠠᠯ᠎ᠠ ᠨᠢ | ᠤᠯᠠᠭᠠᠨᠴᠠᠪ ᠵᠠᠮ ᠬᠢᠭᠡᠳ ᠪᠢᠨ ᠾᠧ ᠵᠠᠮ ᠤᠨ ᠠᠭᠤᠯᠵᠠᠷ ︵ ᠶᠢᠨ ᠱᠠᠨ ᠵᠢᠶᠣᠣ ᠪᠠᠭ᠎ᠠ ᠴᠡᠴᠡᠷᠯᠢᠭ︶ ᠡᠮᠦᠨᠡᠰᠢ ᠪᠠᠨ | ᠸᠧᠶ ᠪᠠ ᠵᠡᠭᠡᠯᠢ ︵ᠤᠰᠤᠨ ᠤ ᠶᠠᠪᠤᠳᠠᠯ ᠤᠨ ᠲᠣᠪᠴᠢᠶ᠎ᠠ ᠶᠢᠨ ᠡᠭᠦᠳᠡᠨ ᠵᠠᠮ︶ ᠬᠦᠷᠦᠨ᠎ᠡ᠃ ᠪᠠᠷᠢᠯᠭ᠎ᠠ ᠶᠢᠨ | ᠬᠤᠭᠤᠴᠠᠭᠠᠨ ᠳᠤ᠂ ᠲᠣᠰ ᠵᠠᠮ ᠤᠨ ᠬᠡᠰᠡᠭ ᠲᠤ ᠬᠡᠰᠡᠭ ᠬᠤᠪᠢᠶᠠᠨ ᠪᠦᠷᠢᠨ ᠪᠢᠲᠡᠭᠦᠮᠵᠢᠯᠡᠵᠦ ᠪᠠᠷᠢᠯᠭ᠎ᠠ ᠶᠢᠨ ᠠᠵᠢᠯ | ᠬᠢᠵᠦ᠂ ᠵᠠᠮ ᠳᠠᠭᠠᠤ ᠶᠢᠨ ᠰᠠᠭᠤᠭᠠᠯᠢ ᠠᠷᠠᠳ ᠂ ᠬᠤᠳᠠᠯᠳᠤᠭᠠᠨ ᠤ ᠡᠷᠦᠬᠡ ᠨᠢ ᠸᠧᠶ ᠡᠯ ᠵᠢᠶᠧ ︵ᠢᠦᠶ ᠴᠧᠨ | ᠭᠤᠳᠤᠮᠵᠢ︶᠂ ᠸᠧᠶ ᠰᠢ ᠵᠡᠭᠡᠯᠢ ︵ᠯᠦ ᠮᠢᠩ ᠶᠡᠭᠡ ᠪᠠᠭᠤᠳᠠᠯ ᠤᠨ ᠡᠭᠦᠳᠡᠨ ᠡᠮᠦᠨᠡᠬᠢ ᠵᠠᠮ︶᠂ ᠶᠢᠨ ᠱᠠᠨ ᠵᠢᠶᠤᠤ | ᠰᠠᠭᠤᠭᠠᠯᠢ ᠲᠤᠭᠤᠷᠢᠭ ᠤᠨ ᠵᠡᠬᠦᠨ ᠡᠬᠦᠳᠡ ᠪᠠ ᠶᠢᠨ ᠱᠠᠨ ᠵᠢᠶᠤᠤ ᠠᠭᠤᠳᠠᠮ ᠲᠠᠯᠠᠪᠠᠶ ᠪᠠᠷ ᠲᠦᠷ ᠴᠠᠭ ᠶᠠᠪᠤᠵᠤ | ᠰᠠᠭᠤᠵᠤ ᠪᠣᠯᠤᠨ᠎ᠠ᠃ ᠡᠭᠦᠨ ᠠᠴᠠ ᠪᠤᠯᠵᠤ ᠵᠠᠮ ᠳᠠᠭᠠᠤ ᠶᠢᠨ ᠰᠠᠭᠤᠭᠠᠯᠢ ᠠᠷᠠᠳ ᠪᠠ ᠬᠤᠳᠠᠯᠳᠤᠭᠠᠨ ᠤ | ᠳᠡᠯᠭᠡᠭᠦᠷ ᠤᠨ ᠡᠵᠡᠩᠨᠡᠭᠴᠢ ᠶᠢᠨ ᠭᠠᠷᠴᠤ ᠤᠷᠤᠬᠤ ᠳᠤ ᠳᠥᠭᠦᠮ ᠦᠭᠡᠢ ᠪᠣᠯᠤᠭᠰᠠᠨ ᠳᠤ ᠠᠭᠤᠴᠢᠯᠠᠭᠠᠷᠠᠢ᠃ ᠪᠢᠳᠡ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠣᠯᠠᠨ ᠤ ᠶᠠᠪᠤᠵᠤ | ᠰᠠᠭᠤᠬᠤ ᠬᠡᠷᠡᠭᠴᠡᠭᠡ ᠶᠢ ᠬᠠᠩᠭᠠᠨ᠎ᠠ᠃ ᠡᠭᠦᠨ ᠤ ᠬᠠᠮᠲᠤ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ | ᠪᠢᠲᠡᠭᠦᠮᠵᠢᠯᠡᠯ ᠤᠨ ᠴᠠᠭ ᠢ ᠪᠣᠭᠤᠨᠢᠰᠬᠠᠵᠤ᠂ ᠡᠷᠲᠡᠬᠡᠨ ᠪᠠᠷᠢᠯᠭ᠎ᠠ ᠶᠢᠨ ᠠᠵᠢᠯ ᠢᠶᠠᠨ ᠲᠠᠭᠤᠰᠬᠠᠬᠤ ᠪᠠᠷ ᠪᠠᠶᠢᠨ᠎ᠠ᠃ | ᠣᠯᠠᠨ ᠲᠠᠶᠠᠭᠠᠷ ᠤᠨ ᠪᠢᠳᠠᠨ ᠤ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ | ᠪᠦᠲᠦᠭᠡᠨ ᠪᠠᠢᠭᠤᠯᠤᠯᠲᠠ ᠶᠢᠨ ᠲᠣᠪᠴᠢᠶ᠎ᠠ | 2025 ᠣᠨ ᠤ 4 ᠰᠠᠷ᠎ᠠ | |