4 ᠰᠠᠷ᠎ᠠ ᠶᠢᠨ 14 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ | ᠵᠠᠭᠤᠴᠢᠯᠠᠭᠤᠷ ᠤᠨ ᠲᠥᠪ ᠥᠪᠥᠷ ᠮᠣᠩᠭᠤᠯ ᠤᠨ ᠴᠠᠬᠢᠯᠭᠠᠨ ᠬᠦᠴᠦᠨ ᠤ ᠭᠡᠷᠡᠯ ᠵᠢᠷᠤᠭ ᠤᠨ ᠨᠡᠶᠢᠭᠡᠮᠯᠢᠭ ᠤᠨ | ᠭᠡᠰᠢᠭᠦᠨ᠂ ᠪᠤᠭᠤᠲᠤ ᠬᠤᠳᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠭᠡᠷᠡᠯ ᠵᠢᠷᠤᠭ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ | ᠳᠠᠷᠤᠭ᠎ᠠ᠂ 2024 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ | ᠲᠠᠨᠢᠯᠴᠠᠭᠤᠯᠤᠭᠴᠢ ᠵᠢᠶᠠᠩ ᠶᠠ ᠵᠢᠶᠦ᠋ᠨ ᠢ ᠤᠷᠢᠵᠤ᠂ ᠥᠷᠭᠡᠨ ᠤᠯᠠᠨ ᠰᠣᠨᠢᠨ ᠮᠡᠳᠡᠭᠡᠨ ᠤ ᠤᠬᠠᠭᠤᠯᠭ᠎ᠠ ᠶᠢᠨ | ᠠᠵᠢᠯᠲᠠᠳ ᠲᠤ ᠥᠪᠡᠷ ᠤᠨ ᠤᠯᠠᠨ ᠵᠢᠯ ᠤᠨ ᠲᠤᠷᠰᠢᠬᠢ ᠵᠣᠬᠢᠶᠠᠨ ᠪᠦᠲᠦᠭᠡᠭᠰᠡᠨ ᠲᠤᠷᠰᠢᠯᠭ᠎ᠠ ᠪᠠᠨ ᠬᠤᠪᠢᠶᠠᠯᠴᠠᠪᠠ᠃ | | ︽ᠡᠳᠦᠷ ᠳᠤᠲᠤᠮ ᠤᠨ ᠭᠡᠷᠡᠯ ᠵᠢᠷᠤᠭ ᠳᠤᠮᠳᠠ ᠬᠡᠷᠬᠢᠨ ᠠᠳᠠᠯᠢ ᠪᠤᠰᠤ ᠬᠠᠷᠠᠭᠠᠰᠤ ᠠᠴᠠ ᠰᠡᠭᠦᠳᠡᠷᠯᠡᠬᠦ ᠪᠤᠢ︖ | ︾ ︽ᠰᠡᠭᠦᠯᠴᠢ ᠶᠢᠨ ᠵᠢᠷᠤᠭ ᠤᠨ ᠨᠠᠶᠢᠷᠠᠭᠤᠯᠭ᠎ᠠ ᠳᠤ ᠶᠠᠮᠠᠷ ᠠᠷᠭ᠎ᠠ ᠪᠠᠶᠢᠬᠤ ᠪᠤᠢ︖︾ ︽ᠬᠤᠪᠢ ᠶᠢᠨ | ᠵᠠᠭᠤᠴᠢᠯᠠᠭᠤᠷ ᠤᠨ ᠴᠠᠭ ᠦᠶ᠎ᠡ ᠳᠤ᠂ ᠪᠢᠳᠡ ᠵᠤᠬᠢᠶᠠᠮᠠᠯ ᠤᠶᠤᠨ ᠴᠢᠳᠠᠪᠤᠷᠢ ᠶᠢᠨ ᠳᠠᠪᠠᠭᠤᠯᠢᠭ ᠢ ᠰᠡᠭᠦᠳᠡᠷᠯᠡᠬᠦ ᠲᠠᠢ | ᠬᠡᠷᠬᠢᠨ ᠠᠭᠤᠰᠤᠯᠴᠠᠭᠤᠯᠬᠤ ᠪᠤᠢ︖ ︾ ᠵᠢᠶᠠᠩ ᠶᠠ ᠵᠢᠶᠦ᠋ᠨ ᠲᠡᠭᠦᠨ ᠤ ᠭᠦᠨ ᠵᠤᠵᠠᠭᠠᠨ ᠭᠡᠷᠡᠯ ᠵᠢᠷᠤᠭ ᠤᠨ | ᠰᠠᠭᠤᠷᠢ ᠪᠠ ᠥᠪᠡᠷᠮᠢᠴᠡ ᠤᠷᠠᠯᠢᠭ ᠤᠨ ᠦᠵᠡᠯᠲᠡ ᠪᠠᠷ ᠰᠡᠭᠦᠳᠡᠷᠯᠡᠭᠰᠡᠨ ᠲᠠᠨᠢᠯᠲᠠ᠂ ᠣᠬᠤᠷ ᠸᠢᠳᠢᠣ᠋ ᠶᠢ ᠬᠡᠷᠬᠢᠨ | ᠵᠣᠬᠢᠶᠠᠨ ᠪᠦᠲᠦᠭᠡᠬᠦ ᠪᠠ ᠰᠡᠭᠦᠯᠴᠢ ᠶᠢᠨ ᠬᠤᠭᠤᠴᠠᠭᠠᠨ ᠤ ᠨᠠᠶᠢᠷᠠᠭᠤᠯᠭ᠎ᠠ ᠵᠡᠷᠭᠡ ᠭᠤᠷᠪᠠᠨ ᠲᠠᠯ᠎ᠠ ᠠᠴᠠ ᠣᠯᠠᠨ ᠳᠤ | ᠨᠢᠭᠡ ᠤᠳᠠᠭᠠᠨ ᠤ ᠭᠤᠶᠢᠳᠠ ᠰᠠᠶᠢᠬᠠᠨ ᠲᠠᠶᠢᠯᠪᠤᠷᠢᠯᠠᠯᠲᠠ ᠶᠢ ᠠᠪᠴᠢᠷᠠᠭᠰᠠᠨ ᠪᠠᠶᠢᠨ᠎ᠠ᠃ ᠲᠡᠷᠡ ᠣᠬᠤᠷ ᠸᠢᠳᠢᠣ᠋ ᠶᠢᠨ | ᠵᠤᠬᠢᠶᠠᠨ ᠪᠦᠲᠦᠭᠡᠯᠭᠡ ᠶᠢᠨ ᠭᠤᠤᠯ ᠴᠢᠮᠦᠭᠡ ᠶᠢ ᠨᠠᠷᠢᠨ ᠶᠠᠷᠢᠵᠤ᠂ ᠴᠠᠭ ᠮᠥᠴᠡ ᠶᠢ ᠠᠯᠳᠠᠯ ᠦᠭᠡᠢ᠂ ᠦᠨᠡᠨ | ᠪᠠᠶᠢᠳᠠᠯ ᠢ ᠲᠡᠮᠳᠡᠭᠯᠡᠬᠦ ᠶᠢᠨ ᠬᠠᠮᠲᠤ ᠪᠠᠰᠠ ᠵᠢᠷᠤᠭ ᠲᠦᠯᠦᠪᠯᠡᠭᠡ᠂ ᠭᠡᠷᠡᠯ ᠰᠡᠭᠦᠳᠡᠷ ᠪᠠ ᠥᠩᠭᠡ ᠪᠤᠳᠤᠭ | ᠬᠡᠷᠡᠭᠯᠡᠬᠦ ᠶᠢ ᠴᠢᠬᠤᠯᠠᠴᠢᠯᠠᠵᠤ᠂ ᠪᠦᠲᠦᠭᠡᠯ ᠢ ᠰᠣᠨᠢᠨ ᠮᠡᠳᠡᠭᠡᠨ ᠤ ᠦᠨ᠎ᠡ ᠥᠷᠲᠡᠭ ᠲᠠᠢ ᠮᠥᠷᠲᠡᠭᠡᠨ ᠤᠷᠠᠯᠢᠭ ᠤᠨ | ᠭᠤᠸ᠎ᠠ ᠰᠠᠶᠢᠬᠠᠨ ᠤ ᠲᠥᠷᠥᠭᠳᠡᠯ ᠢᠶᠠᠨ ᠠᠯᠳᠠᠬᠤ ᠦᠭᠡᠢ ᠶᠢ ᠳᠣᠲᠤᠷᠬᠠᠶᠢᠯᠠᠵᠠᠢ᠃ ᠵᠢᠶᠠᠩ ᠶᠠ ᠵᠢᠶᠦ᠋ᠨ ᠪᠠᠰᠠ | ᠥᠪᠡᠷ ᠤᠨ ᠤᠯᠠᠨ ᠵᠢᠯ ᠤᠨ ᠲᠤᠷᠰᠢᠯᠭ᠎ᠠ ᠪᠠ ᠣᠯᠤᠯᠲᠠ ᠪᠠᠨ ᠬᠤᠪᠢᠶᠠᠯᠴᠠᠵᠤ᠂ ᠪᠦᠲᠦᠭᠡᠯ ᠤᠨ ᠳᠤᠮᠳᠠᠬᠢ ᠬᠠᠶᠢᠷ᠎ᠠ | ᠰᠡᠳᠬᠢᠯᠭᠡ ᠶᠢᠨ ᠦᠢᠯᠡᠳᠦᠯ ᠢ ᠴᠢᠬᠤᠯᠠᠴᠢᠯᠠᠵᠤ᠂ ᠲᠤᠬᠠᠢ ᠶᠢᠨ ᠲᠠᠯᠠᠪᠠᠢ ᠶᠢᠨ ᠰᠤᠷᠤᠭᠴᠢᠳ ᠲᠤ ᠮᠠᠰᠢ ᠶᠡᠭᠡ ᠠᠰᠢᠭ | ᠬᠦᠷᠲᠡᠭᠡᠵᠡᠢ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ | ᠰᠣᠯᠢᠯᠴᠠᠭ᠎ᠠ ᠨᠢ ᠲᠡᠳᠡᠨ ᠳᠤ ᠳᠦᠭᠦᠷᠡᠩ ᠠᠮᠵᠢᠯᠲᠠ ᠣᠯᠭᠤᠵᠤ᠂ ᠬᠡᠷᠡᠭᠯᠡᠭᠡᠨ ᠤ ᠲᠤᠰᠬᠠᠶ ᠮᠡᠷᠭᠡᠵᠢᠯ ᠤᠨ ᠮᠡᠳᠡᠯᠭᠡ | ᠪᠠ ᠤᠷ᠎ᠠ ᠴᠢᠳᠠᠪᠤᠷᠢ ᠶᠢ ᠰᠤᠷᠤᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠬᠠᠷᠠᠭ᠎ᠠ ᠶᠢ ᠥᠷᠭᠡᠳᠬᠡᠵᠦ᠂ | ᠠᠪᠢᠶᠠᠰ ᠪᠢᠯᠢᠭ ᠢ ᠨᠢ ᠬᠥᠭᠵᠢᠭᠡᠭᠰᠡᠨ ᠪᠠᠶᠢᠨ᠎ᠠ᠃ ᠡᠨᠡ ᠤᠳᠠᠭ᠎ᠠ ᠶᠢᠨ ᠰᠣᠯᠢᠯᠴᠠᠭᠠᠨ ᠤ ᠬᠤᠷᠠᠯ ᠤᠨ ᠣᠯᠤᠯᠲᠠ ᠪᠠᠨ | ᠪᠣᠳᠠᠲᠠᠢ ᠠᠵᠢᠯ ᠤᠨ ᠳᠤᠮᠳᠠ ᠪᠠᠨ ᠬᠡᠷᠡᠭᠵᠢᠭᠦᠯᠵᠥ᠂ ᠨᠡᠩ ᠤᠯᠠᠨ ᠰᠢᠯᠢᠳᠡᠭ ᠰᠣᠨᠢᠨ ᠮᠡᠳᠡᠭᠡᠨ ᠤ ᠭᠡᠷᠡᠯ ᠵᠢᠷᠤᠭ | ᠪᠣᠯᠤᠨ ᠣᠬᠤᠷ ᠸᠢᠳᠢᠣ᠋ ᠶᠢᠨ ᠪᠦᠲᠦᠭᠡᠯ ᠢ ᠴᠢᠷᠮᠠᠶᠢᠨ ᠵᠣᠬᠢᠶᠠᠨ ᠪᠥᠳᠥᠭᠡᠨᠡ ᠭᠡᠵᠡᠢ᠃ |