ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠨᠢ ᠪᠥᠬᠦ ᠣᠷᠣᠨ ᠤ 10  ᠰᠢᠯᠢᠳᠡᠭ ᠬᠡᠷᠡᠭᠵᠢᠭᠦᠯᠬᠦ ᠲᠥᠰᠦᠯ ᠤᠨ ᠨᠢᠭᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/4/16
      ᠲᠦᠷᠦᠭᠦᠬᠡᠨ᠂ ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠴᠢᠩᠭ᠎ᠠ ᠰᠢᠯᠭᠠᠷᠠᠭᠤᠯᠤᠯᠲᠠ ᠪᠠᠷ ᠳᠡᠮᠵᠢᠨ᠂ ︽ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠪᠣᠯᠤᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠢ ᠪᠥᠲᠥᠭᠡᠨ ᠪᠠᠶᠢᠭᠤᠯᠵᠤ ᠥᠭᠡᠷᠡᠴᠢᠯᠡᠬᠦ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠪᠥᠬᠦ ᠣᠷᠣᠨ ᠤ ᠠᠳᠠᠯᠢ ᠲᠥᠷᠥᠯ ᠤᠨ ᠬᠡᠷᠡᠭᠵᠢᠭᠦᠯᠬᠦ ᠲᠥᠰᠦᠯ ᠢ ᠬᠢᠨᠠᠨ ᠲᠣᠭᠲᠠᠭᠠᠬᠤ ᠶᠠᠪᠤᠴᠠ ᠳᠤ ︽ᠰᠢᠯᠢᠳᠡᠭ︾ ᠳᠡᠰ ᠢᠶᠠᠷ ᠦᠨᠡᠯᠡᠭᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 10 ︽ᠰᠢᠯᠢᠳᠡᠭ︾  ᠬᠡᠷᠡᠭᠵᠢᠭᠦᠯᠬᠦ ᠲᠥᠰᠦᠯ ᠤᠨ ᠨᠢᠭᠡ ᠨᠢ ᠪᠤᠯᠤᠭᠰᠠᠨ ᠪᠠᠶᠢᠨ᠎ᠠ᠃       2024 ᠣᠨ ᠤ 9 ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠪᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠡᠯ᠎ᠡ ᠭᠠᠵᠠᠷ ᠣᠷᠣᠨ ᠤ ᠭᠠᠵᠠᠷ ᠳᠣᠤᠷᠠᠬᠢ ᠬᠤᠭᠤᠯᠠᠶ ᠶᠢᠨ ᠲᠣᠤᠷ ᠪᠠ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠢ ᠪᠥᠲᠥᠭᠡᠨ ᠪᠠᠶᠢᠭᠤᠯᠵᠤ ᠥᠭᠡᠷᠡᠴᠢᠯᠡᠬᠦ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠶᠢᠨ ᠬᠠᠮᠲᠤ ᠲᠥᠰᠦᠯ ᠢ ᠬᠢᠨᠠᠨ ᠲᠣᠭᠲᠠᠭᠠᠬᠤ ᠦᠷ᠎ᠡ ᠳ᠋ᠦᠩ ᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠤᠯᠤᠰ ᠤᠨ ᠵᠢᠭᠡᠯᠡᠯᠭᠡ ᠵᠢᠴᠢ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠪᠠᠯᠠ ᠮᠥᠩᠭᠦ ᠶᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠶᠢ ᠲᠣᠳᠣᠷᠬᠠᠶ ᠳᠤᠷᠠᠳᠤᠨ ᠭᠠᠷᠭᠠᠪᠠ᠃ ︽ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠪᠣᠯᠤᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠢ ᠪᠥᠲᠥᠭᠡᠨ ᠪᠠᠶᠢᠭᠤᠯᠵᠤ ᠥᠭᠡᠷᠡᠴᠢᠯᠡᠬᠦ ᠬᠡᠷᠡᠭᠵᠢᠭᠦᠯᠬᠦ ᠲᠥᠰᠦᠯ︾ ᠨᠢ ᠤᠯᠤᠰ ᠤᠨ ᠲᠠᠰ ᠤᠨ ︽ᠰᠢᠯᠢᠳᠡᠭ︾ ᠲᠥᠷᠥᠯ ᠤᠨ ᠲᠥᠰᠦᠯ ᠢᠶᠠᠷ ᠦᠨᠡᠯᠡᠭᠳᠡᠪᠡ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠪᠣᠯᠤᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠢ ᠪᠥᠲᠥᠭᠡᠨ ᠪᠠᠶᠢᠭᠤᠯᠵᠤ ᠥᠭᠡᠷᠡᠴᠢᠯᠡᠬᠦ ᠬᠡᠷᠡᠭᠵᠢᠭᠦᠯᠬᠦ ᠲᠥᠰᠦᠯ︾ ᠢ ᠥᠪᠥᠷ ᠮᠣᠩᠭᠤᠯ ᠤᠨ ᠮᠧᠩ ᠶᠧ ᠠᠰᠠᠭᠤᠨ ᠯᠠᠪᠯᠠᠬᠤ ᠬᠢᠵᠠᠭᠠᠷᠲᠤ ᠺᠣᠮᠫᠠᠨᠢ ᠠᠴᠠ ᠨᠠᠶᠢᠷᠠᠭᠤᠯᠤᠨ ᠵᠣᠬᠢᠶᠠᠵᠤ᠂ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠵᠢᠴᠢ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠪᠠ ᠪᠠᠶᠢᠴᠠᠭᠠᠯᠲᠠ ᠪᠠᠷ ᠰᠠᠭᠤᠷᠢ ᠪᠣᠯᠭᠠᠨ᠂ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠵᠢᠴᠢ ᠥᠭᠡᠷᠡᠴᠢᠯᠡᠯᠲᠡ ᠪᠠᠷ ᠠᠴᠢᠶᠠᠯᠠᠪᠤᠷᠢ ᠪᠣᠯᠭᠠᠵᠤ᠂ ᠠᠵᠢᠯᠯᠠᠭᠠᠨ ᠤ ᠲᠥᠯᠥᠪᠯᠡᠭᠡ ᠪᠠ ᠲᠥᠷᠥᠯ ᠵᠦᠢᠯ ᠤᠨ ᠬᠡᠷᠡᠭᠵᠢᠭᠦᠯᠦᠯᠲᠡ ᠪᠠᠷ ᠭᠠᠷᠳᠠᠴᠠ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠳᠥᠯᠭᠢᠨ ᠠᠬᠢᠭᠤᠯᠪᠠ᠃ ᠨᠠᠶᠢᠷᠠᠭᠤᠯᠤᠨ ᠵᠣᠬᠢᠶᠠᠬᠤ ᠬᠡᠪᠴᠢᠶ᠎ᠡ ᠨᠢ ᠪᠦᠬᠦᠯᠢ ᠪᠠᠲᠤᠬᠠᠭᠠᠯᠭ᠎ᠠ ᠪᠠᠯᠭᠠᠰᠤᠨ ᠤ ᠲᠥᠪ ᠲᠣᠭᠤᠷᠢᠭ᠂ ᠲᠥᠯᠥᠪᠵᠢᠭᠦᠯᠦᠭᠰᠡᠨ ᠬᠡᠷᠡᠭᠯᠡᠬᠦ ᠭᠠᠵᠠᠷ ᠤᠨ ᠲᠠᠯᠠᠪᠠᠶ ᠨᠢ 8. 875 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠬᠡᠷᠡᠭᠵᠢᠭᠦᠯᠬᠦ ᠬᠤᠭᠤᠴᠠᠭ᠎ᠠ ᠨᠢ 5 ᠵᠢᠯ ︵2024 - 2028 ︶᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠳᠠ ᠶᠢᠨ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠥᠭᠡᠷᠡᠴᠢᠯᠡᠯᠲᠡ ᠪᠠᠷ ᠭᠤᠣᠯ ᠪᠣᠯᠭᠠᠵᠤ᠂ ᠨᠡᠶᠢᠳᠡ 24 ᠲᠦᠷᠦᠯ ᠵᠦᠢᠯ ᠢ ᠲᠥᠯᠥᠪᠵᠢᠭᠦᠯᠵᠦ᠂ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠵᠢᠴᠢ ᠲᠥᠬᠦᠭᠡᠷᠦᠮᠵᠢ᠂ ᠬᠤᠳᠠ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠵᠢᠴᠢ ᠲᠥᠬᠦᠭᠡᠷᠦᠮᠵᠢ᠂ ᠬᠤᠳᠠ ᠶᠢᠨ ᠪᠣᠬᠢᠷ ᠤᠰᠤ ᠵᠢᠴᠢ ᠲᠠᠬᠢᠨ ᠠᠰᠢᠭᠯᠠᠬᠤ ᠤᠰᠤᠨ ᠬᠤᠭᠤᠯᠠᠢ ᠶᠢᠨ ᠲᠣᠣᠷ ᠵᠢᠴᠢ ᠲᠤᠨᠤᠭ ᠲᠥᠬᠦᠭᠡᠷᠦᠮᠵᠢ᠂ ᠬᠤᠳᠠ ᠶᠢᠨ ᠪᠣᠷᠣᠭᠠᠨ ᠤ ᠤᠰᠤᠨ ᠤ ᠬᠤᠭᠤᠯᠠᠢ ᠲᠣᠣᠷ ᠵᠢᠴᠢ ᠲᠥᠬᠦᠭᠡᠷᠦᠮᠵᠢ᠂ ᠬᠤᠳᠠ ᠶᠢᠨ ᠢᠯᠴᠢ ᠬᠠᠩᠭᠠᠬᠤ ᠬᠤᠭᠤᠯᠠᠢ ᠲᠣᠣᠷ ᠵᠢᠴᠢ ᠲᠤᠨᠤᠭ ᠲᠥᠬᠦᠭᠡᠷᠦᠮᠵᠢ᠂ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠪᠣᠯᠤᠨ ᠤᠶᠤᠨᠴᠢᠯᠠᠭᠰᠠᠨ ᠲᠠᠪᠴᠠᠩ ᠵᠡᠷᠭᠡ 7 ᠲᠦᠷᠦᠯ ᠤᠨ ᠲᠦᠷᠦᠯ ᠵᠦᠢᠯ ᠲᠠᠢ᠂ ᠶᠡᠷᠦᠩᠬᠡᠢ ᠪᠡᠯᠡ ᠣᠷᠣᠭᠤᠯᠤᠯᠲᠠ ᠨᠢ 7.78 ᠳ᠋ᠦᠩᠰᠢᠭᠤᠷ ᠲᠥᠭᠦᠷᠢᠭ ᠲᠤ ᠬᠦᠷᠴᠡᠢ᠃      ︽ᠬᠡᠷᠡᠭᠵᠢᠭᠦᠯᠬᠦ ᠲᠥᠰᠦᠯ︾ ᠨᠢ ᠰᠢᠰᠲ᠋ᠧᠮ ᠲᠠᠢ ᠪᠠᠶᠢᠴᠠᠭᠠᠨ ᠰᠤᠳᠤᠯᠤᠯᠲᠠ ᠬᠢᠬᠦ ᠪᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠭᠤᠯᠤᠨ᠂ ᠭᠠᠵᠠᠷ ᠳᠣᠤᠷᠠᠬᠢ ᠡᠯ᠎ᠡ ᠲᠥᠷᠥᠯ ᠤᠨ ᠬᠤᠭᠤᠯᠠᠶ ᠱᠤᠭᠤᠮ ᠤᠨ ᠪᠠᠶᠢᠷᠢᠯᠠᠭᠤᠯᠤᠯᠲᠠ ᠪᠠ ᠬᠠᠨᠳᠤᠰᠢ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠤᠭᠤᠯᠠᠶ ᠱᠤᠭᠤᠮ ᠤᠨ ᠬᠤᠭᠤᠷᠣᠨᠳᠣᠬᠢ ᠮᠥᠷᠭᠦᠯᠳᠦᠭᠡᠨ ᠪᠠ ᠡᠮᠬᠢ ᠵᠠᠮᠪᠠᠷᠠᠭ᠎ᠠ ᠥᠬᠡᠶ ᠪᠠᠶᠢᠬᠤ ᠠᠴᠠ ᠵᠠᠶᠢᠯᠠᠰᠬᠢᠵᠦ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠶᠢᠰᠢᠳᠠ ᠶᠢᠨ 5 ᠵᠢᠯ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠳᠣᠤᠷᠠᠬᠢ ᠬᠤᠭᠤᠯᠠᠢ ᠶᠢᠨ ᠲᠣᠣᠷ ᠵᠢᠴᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠭᠤᠤᠯ ᠬᠠᠷᠠᠯᠲᠠ ᠪᠣᠯ ᠬᠤᠰᠢᠭᠤᠨ ᠤ ᠵᠠᠰᠠᠭ ᠤᠨ ᠣᠷᠳᠣᠨ ᠤ ᠢᠷᠡᠭᠡᠳᠦᠶ ᠶᠢᠨ 5 ᠵᠢᠯ ᠤᠨ ᠬᠤᠲᠠ ᠶᠢᠨ ᠭᠠᠵᠠᠷ ᠳᠣᠤᠷᠠᠬᠢ ᠬᠤᠭᠤᠯᠠᠢ ᠶᠢᠨ ᠲᠣᠣᠷ ᠵᠢᠴᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠬᠤᠯᠠ ᠦᠨᠳᠦᠰᠦᠯᠡᠯ ᠮᠥᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠶᠠᠪᠤᠳᠠᠯ ᠮᠥᠨ︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠯᠢ ᠮᠢᠨ ᠲᠠᠨᠢᠯᠴᠠᠭᠤᠯᠤᠵᠠᠢ᠂ ︽ᠬᠡᠷᠡᠭᠵᠢᠭᠦᠯᠬᠦ ᠲᠥᠰᠦᠯ︾ ᠳᠤ ᠣᠶᠢᠷ᠎ᠠ ᠶᠢᠨ ᠬᠤᠭᠤᠴᠠᠭᠠᠨ ᠤ ᠪᠥᠲᠥᠭᠡᠨ ᠪᠠᠶᠢᠭᠤᠯᠵᠤ ᠥᠭᠡᠷᠡᠴᠢᠯᠡᠬᠦ ᠭᠤᠤᠯᠳᠠᠯᠭ᠎ᠠ ᠲᠠᠢ ᠡᠭᠦᠷᠭᠡ ᠵᠢᠴᠢ ᠴᠢᠬᠤᠯᠠ ᠶᠡᠭᠡ ᠲᠥᠷᠥᠯ ᠵᠦᠢᠯ ᠢ ᠲᠣᠳᠣᠷᠬᠠᠶᠢᠯᠠᠵᠤ᠂ ᠭᠠᠵᠠᠷ ᠳᠣᠤᠷᠠᠬᠢ ᠬᠤᠭᠤᠯᠠᠢ ᠶᠢᠨ ᠲᠣᠣᠷ ᠤᠨ ᠪᠥᠲᠥᠭᠡᠨ ᠪᠠᠶᠢᠭᠤᠯᠤᠯᠲᠠ ᠵᠢᠴᠢ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠳᠤ ᠪᠣᠳᠠᠲᠠᠶ ᠠᠵᠢᠯᠯᠠᠭᠠᠨ ᠤ ᠵᠦᠭᠯᠡᠭᠦᠷ ᠬᠠᠩᠭᠠᠵᠤ᠂ ᠡᠯ᠎ᠡ ᠵᠦᠢᠯ ᠤᠨ ᠠᠵᠢᠯ ᠤᠨ ᠬᠠᠷᠠᠯᠲᠠ ᠲᠠᠢ ᠪᠠᠷ  ᠠᠵᠢᠯ ᠬᠢᠬᠦ᠂ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠶᠢᠨ ᠬᠠᠮᠲᠤ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ ᠣᠷᠣᠨ ᠨᠤᠲᠤᠭ ᠤᠨ ᠡᠳ᠋ ᠤᠨ ᠵᠠᠰᠠᠭ ᠤᠨ ᠳᠠᠷᠤᠯᠲᠠ ᠶᠢ ᠶᠡᠭᠡ ᠪᠠᠷ ᠬᠥᠩᠭᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号