ᠵᠢᠶᠠ ᠪᠦᠦ ᠯᠢᠶᠠᠩ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/16
      4 ᠰᠠᠷ᠎ᠠ ᠶᠢᠨ 14 ᠤ ᠡᠳᠦᠷ᠂ ᠵᠢᠶᠠ ᠪᠦᠦ ᠯᠢᠶᠠᠩ ᠭᠤᠣᠯᠳᠠᠯᠭ᠎ᠠ ᠲᠠᠢ ᠲᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠭᠦᠨᠵᠡᠭᠡᠢ ᠰᠤᠳᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃      ᠬᠤᠷᠠᠯ ᠠᠴᠠ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠭᠤᠯᠭ᠎ᠠ ᠨᠢᠭᠡᠴᠡ ᠲᠣᠰ ᠲᠣᠰ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠰᠢᠯᠲᠠᠭᠠᠨ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠠ ᠰᠡᠳᠬᠢᠮᠵᠢ ᠪᠠᠨ ᠲᠣᠳᠣᠷᠬᠠᠶᠢᠯᠠᠪᠠ᠃      ᠵᠢᠶᠠ ᠪᠦᠦ ᠯᠢᠶᠠᠩ ᠬᠡᠯᠡᠬᠦ ᠳᠡᠭᠡᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠭᠤᠤᠯ ᠬᠥᠳᠡᠯᠭᠡᠭᠦᠷ︾ ᠮᠥᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠦᠵᠡᠯ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ︽ᠰᠡᠳᠬᠢᠯ︾ ᠲᠠᠯᠪᠢᠵᠤ᠂ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ ᠪᠠᠨ ᠴᠢᠷᠮᠠᠶᠢᠨ ᠳᠡᠭᠡᠭᠰᠢᠯᠡᠭᠦᠯᠵᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠮᠠᠯᠴᠢᠨ ᠲᠠᠷᠢᠶᠠᠴᠢᠨ ᠤ ᠠᠵᠢᠯ ᠢ ᠬᠠᠷᠰᠢᠯᠠᠬᠤ ᠵᠡᠷᠭᠡ ᠲᠦᠭᠵᠢᠷᠡᠯ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠲᠥᠷᠥᠯ ᠵᠦᠢᠯ ᠤᠨ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ ᠵᠡᠷᠭᠡ ᠡᠯ᠎ᠡ ᠭᠤᠭᠴᠤᠭ᠎ᠠ ᠶᠢᠨ ᠲᠦᠭᠵᠢᠷᠡᠯ ᠤᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠴᠢᠨᠠᠷ ᠰᠠᠶᠢᠲᠠᠶ ᠲᠥᠷᠥᠯ ᠵᠦᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠲᠤᠯᠭᠠᠭᠤᠷᠢᠯᠠᠬᠤ ᠬᠡᠷᠡᠭᠲᠡᠶ᠃ ᠠᠷᠭ᠎ᠠ ᠬᠡᠮᠵᠢᠶ᠎ᠡ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ︽ᠭᠠᠷᠳᠠᠬᠤ︾᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠦᠨᠡᠨ ᠬᠦ ᠬᠥᠳᠡᠯᠦᠯᠴᠡᠵᠦ᠂ ᠳᠣᠷᠣᠭᠰᠢ ᠪᠠᠭᠤᠵᠤ᠂ ᠬᠠᠷᠢᠭᠤᠴᠠᠯᠭ᠎ᠠ ᠡᠭᠦᠷᠭᠡᠯᠡᠵᠦ᠂ ᠲᠦᠷᠦᠯ ᠵᠦᠢᠯ ᠤᠨ ᠦᠢᠯᠡᠴᠢᠯᠡᠭᠡ ᠶᠢ ᠪᠣᠳᠠᠲᠠᠢ ᠰᠠᠶᠢᠲᠤᠷ ᠠᠳᠬᠤᠵᠤ᠂ ᠦᠶᠡᠯᠡᠯ ᠤᠨ ᠬᠤᠭᠤᠴᠠᠭᠠᠨ ᠤ ᠪᠠᠲᠤᠯᠠᠭ᠎ᠠ ᠶᠢ ᠴᠢᠩᠭᠠᠳᠬᠠᠵᠤ᠂ ︽ᠰᠢᠢᠳᠪᠦᠷᠢᠯᠡᠭᠳᠡᠬᠦᠢ ᠰᠡᠳᠬᠢᠬᠦᠢ︾ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠠᠵᠢᠯ ᠤᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ︽ᠡᠷᠴᠢ ᠵᠣᠷᠢᠭ︾ ᠭᠠᠷᠭᠠᠵᠤ᠂ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠤᠨ ᠣᠨᠴᠠᠯᠢᠭᠲᠤ ᠬᠢᠯᠠᠰ ᠴᠡᠭ ᠢ ᠭᠦᠢᠴᠡᠳ ᠠᠭᠤᠳᠠᠯᠵᠤ᠂ ᠴᠠᠭ ᠬᠤᠭᠤᠴᠠᠭ᠎ᠠ ᠪᠠ ᠡᠭᠦᠷᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠥᠷᠥᠯ ᠵᠦᠢᠯ ᠢ ᠠᠬᠢᠭᠤᠯᠬᠤ᠂ ᠵᠠᠮ ᠱᠤᠭᠤᠮ ᠢ ᠰᠢᠯᠢᠳᠡᠭᠵᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠠᠮᠤᠭ ᠤᠨ ᠰᠠᠶᠢᠨ ᠪᠠᠶᠢᠳᠠᠯ᠂ ᠬᠠᠮᠤᠭ ᠤᠨ ᠰᠠᠶᠢᠨ ᠬᠢᠷᠢ ᠲᠦᠪᠰᠢᠨ ᠢᠶᠠᠷ ᠬᠢᠨᠠᠨ ᠰᠢᠯᠭᠠᠵᠤ ᠠᠳᠠᠯᠢᠳᠬᠠᠬᠤ ᠶᠢ ᠤᠭᠲᠤᠬᠤ ᠶᠢ ᠪᠠᠲᠤᠯᠠᠬᠤ ᠬᠡᠷᠡᠭᠲᠡᠶ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号