ᠪᠦᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠡᠵᠡᠳ ᠲᠤ ᠥᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2025/4/17
ᠬᠦᠨᠳᠦᠲᠦ ᠲᠠᠷᠢᠶᠠᠯᠠᠩ ᠤᠨ ᠮᠠᠰᠢᠨ ᠤ ᠡᠵᠡᠳ᠄       ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠡᠳᠦᠭᠡ ᠬᠠᠤᠯᠢ ᠠᠴᠠ ᠵᠥᠷᠢᠴᠡᠨ ᠠᠲᠠᠷ ᠬᠠᠭᠠᠯᠪᠤᠷᠢᠯᠠᠬᠤ ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠠᠤᠯᠢ ᠴᠠᠭᠠᠵᠠ ᠶᠢᠨ ᠤᠯᠠᠭᠠᠨ ᠱᠤᠭᠤᠮ      ᠠᠴᠢᠶᠠᠯᠠᠬᠤ ᠮᠠᠰᠢᠨ᠂ ᠰᠢᠷᠣᠶ ᠲᠦᠯᠬᠢᠬᠦ ᠮᠠᠰᠢᠨ᠂ ᠭᠠᠵᠠᠷ ᠬᠠᠭᠠᠯᠪᠤᠷᠢᠯᠠᠬᠤ ᠲᠥᠬᠦᠭᠡᠷᠦᠮᠵᠢ ᠵᠡᠷᠭᠡ ᠮᠠᠰᠢᠨ ᠢ ᠵᠢᠯᠣᠭᠤᠳᠤᠨ ᠬᠠᠤᠯᠢ ᠪᠤᠰᠤ ᠪᠠᠷ ᠣᠶᠢᠲᠤ ᠭᠠᠵᠠᠷ ᠬᠠᠭᠠᠯᠪᠤᠷᠢᠯᠠᠬᠤ ᠠᠵᠢᠯ ᠳᠤ ᠣᠷᠣᠯᠴᠠᠬᠤ ᠪᠠ ᠬᠠᠪᠰᠤᠷᠬᠤ ᠶᠢ ᠡᠷᠡᠰ ᠴᠠᠭᠠᠵᠢᠯᠠᠨ᠎ᠠ᠃ ︽ᠤᠢ ᠰᠢᠭᠤᠢ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾ ᠶᠢᠨ ᠲᠣᠭᠲᠠᠭᠠᠯ ᠢ ᠥᠨᠳᠦᠰᠦᠯᠡᠨ᠂ ᠬᠠᠤᠯᠢ ᠶᠢ ᠵᠥᠷᠢᠴᠡᠨ ᠠᠲᠠᠷ ᠬᠠᠭᠠᠯᠪᠤᠷᠢᠯᠠᠭᠰᠠᠳ ᠢ ᠰᠢᠢᠳᠬᠡᠨ᠎ᠡ᠄ ᠬᠠᠮᠤᠭ ᠤᠨ ᠳᠣᠣᠷ᠎ᠠ ᠰᠢᠢᠳᠬᠡᠯ᠄ ᠬᠤᠭᠤᠴᠠᠭ᠎ᠠ ᠲᠣᠭᠲᠠᠭᠠᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠬᠠᠮᠲᠤ 3 ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠲᠠᠢ ᠨᠡᠶᠢᠯᠡᠭᠦᠯᠦᠨ ᠰᠢᠢᠳᠬᠡᠨ᠎ᠡ᠃ ᠬᠦᠨᠳᠦ ᠨᠣᠴᠢᠲᠠᠢ ᠬᠠᠤᠯᠢ ᠠᠴᠠ ᠵᠥᠷᠢᠴᠡᠪᠡᠯ᠄ ᠬᠡᠷᠡᠭ ᠬᠢᠭᠰᠡᠳ ᠤᠨ ᠮᠠᠰᠢᠨ ᠪᠠᠭᠠᠵᠢ ᠶᠢ ᠨᠢ ᠬᠤᠷᠢᠶᠠᠨ ᠠᠪᠴᠤ᠂ ᠶᠠᠯ᠎ᠠ ᠬᠢᠭᠰᠡᠨ ᠬᠥᠮᠦᠨ ᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠶᠠᠷ᠂ ᠬᠡᠷᠬᠢᠨ ᠬᠠᠤᠯᠢ ᠶᠣᠰᠤᠭᠠᠷ ᠠᠵᠢᠯᠯᠠᠬᠤ ᠪᠤᠢ      ᠭᠠᠵᠠᠷ ᠰᠢᠷᠣᠶ ᠶᠢᠨ ᠰᠢᠨᠵᠢ ᠴᠢᠨᠠᠷ ᠤᠨ ᠲᠤᠬᠠᠶ ᠬᠠᠷᠭᠤᠭᠤᠯᠤᠨ ᠪᠠᠶᠢᠴᠠᠭᠠᠬᠤ᠄ ᠬᠥᠯᠥᠰᠥᠯᠡᠭᠴᠢ ᠠᠴᠠ ᠬᠠᠤᠯᠢ ᠶᠣᠰᠣᠨ ᠤ ᠭᠡᠷᠡᠴᠢ ᠮᠠᠲ᠋ᠧᠷᠢᠶᠠᠯ ᠢᠶᠠᠨ ᠭᠠᠷᠭᠠᠨ ᠦᠵᠡᠭᠦᠯᠬᠦ ᠶᠢ ᠱᠠᠭᠠᠷᠳᠠᠵᠤ᠂ ᠭᠡᠷᠡᠴᠢ ᠨᠢ ᠬᠥᠴᠦᠨ ᠦᠭᠡᠢ ᠪᠣᠯ ᠳᠡᠪᠴᠢᠵᠤ ᠪᠤᠯᠤᠨ᠎ᠠ︔ ᠠᠵᠢᠯᠯᠠᠬᠤ ᠠᠴᠠ ᠡᠮᠦᠨ᠎ᠡ ᠬᠥᠯᠥᠰᠥᠯᠡᠭᠴᠢ ᠲᠠᠢ ᠬᠢᠨᠠᠨ ᠬᠠᠷᠭᠤᠭᠤᠯᠵᠤ᠂ ᠤᠷᠢᠳᠠᠪᠠᠷ ᠬᠠᠭᠠᠯᠪᠤᠷᠢᠯᠠᠭᠠᠳ ᠣᠯᠤᠭᠰᠠᠨ ᠬᠠᠤᠯᠢ ᠠᠴᠠ ᠵᠥᠷᠢᠴᠡᠭᠰᠡᠨ ᠭᠠᠵᠠᠷ ᠢ ᠡᠷᠡᠰ ᠲᠡᠪᠴᠢᠬᠦ ᠬᠡᠷᠡᠭᠲᠡᠶ︔ ᠣᠳᠣᠬᠢ ᠪᠠᠶᠢᠳᠠᠯ ᠨᠢ ᠣᠶᠢᠲᠤ ᠭᠠᠵᠠᠷ ᠤᠨ ᠨᠤᠲᠤᠭ ᠪᠡᠯᠴᠢᠭᠡᠷ ᠪᠠᠶᠢᠪᠠᠯ ᠡᠷᠡᠰ ᠲᠡᠪᠴᠢᠬᠦ ᠬᠡᠷᠡᠭᠲᠡᠶ᠃ ᠰᠡᠵᠢᠭᠯᠡᠯᠲᠡᠢ ᠭᠠᠵᠠᠷ ᠰᠢᠷᠣᠶ ᠶᠢᠨ ᠬᠢᠨᠠᠨ ᠬᠠᠷᠭᠤᠭᠤᠯᠤᠯᠲᠠ᠄ ᠡᠷᠬᠡ ᠶᠢ ᠨᠤᠲᠠᠯᠠᠨ ᠲᠣᠭᠲᠠᠭᠠᠬᠤ ᠭᠠᠷ ᠭᠦᠢᠴᠡᠳᠬᠡᠯ ᠪᠤᠶᠤ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠦᠨᠡᠮᠯᠡᠯ ᠵᠡᠷᠭᠡ ᠬᠠᠤᠯᠢ ᠶᠣᠰᠣᠨ ᠤ ᠭᠡᠷᠡᠴᠢ ᠮᠠᠲ᠋ᠧᠷᠢᠶᠠᠯ ᠬᠠᠩᠭᠠᠬᠤ ᠶᠢᠨ ᠠᠷᠭ᠎ᠠ ᠦᠭᠡᠢ᠂ ᠭᠠᠵᠠᠷ ᠤᠨ ᠡᠷᠬᠢᠨ ᠲᠣᠭᠤᠷᠢᠨ ᠳᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠰᠡᠷᠡᠮᠵᠢ ᠶᠢᠨ ᠲᠡᠮᠳᠡᠭ ᠳᠣᠬᠢᠷᠠᠭᠤᠯᠤᠭᠰᠠᠨ᠂ ᠡᠰᠡᠬᠦᠯ᠎ᠡ ᠬᠥᠯᠥᠰᠥᠯᠡᠭᠴᠢ ᠰᠥᠨᠢ ᠪᠠᠷ ᠪᠤᠶᠤ ᠳᠠᠯᠳᠠ ᠪᠠᠷ ᠪᠠᠷᠢᠯᠭ᠎ᠠ ᠶᠢᠨ ᠠᠵᠢᠯ ᠬᠢᠭᠦ ᠶᠢ ᠱᠠᠭᠠᠷᠳᠠᠭᠰᠠᠨ ᠪᠠᠶᠢᠪᠠᠯ᠂ ᠲᠡᠷᠡ ᠳᠠᠷᠤᠢ ᠳᠤ ᠨᠢ ᠡᠯ᠎ᠡ ᠰᠤᠮᠤ ᠰᠢᠶᠠᠩ ᠪᠠᠯᠭᠠᠰᠤ ᠪᠤᠶᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠲᠠᠰᠤ ᠪᠠᠷ ᠠᠰᠠᠭᠤᠨ ᠯᠠᠪᠯᠠᠬᠤ ᠪᠤᠶᠤ ᠢᠯᠡᠴᠢᠯᠡᠨ ᠮᠡᠳᠡᠭᠦᠯᠬᠦ ᠬᠡᠷᠡᠭᠳᠡᠢ᠃      ᠭᠤᠷᠪᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ      ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠬᠠᠩᠭᠠᠵᠤ ᠥᠭᠪᠡᠯ ᠠᠷᠠᠳ ᠤᠨ ᠵᠣᠭᠤᠰ 200 ᠲᠥᠭᠦᠷᠢᠭ ᠢᠶᠠᠷ ᠱᠠᠩᠨᠠᠨ᠎ᠠ᠃      ᠢᠯᠡᠴᠢᠯᠡᠨ ᠮᠡᠳᠡᠭᠦᠯᠬᠦ ᠤᠲᠠᠰᠤ᠄ ᠪᠠᠲᠤᠬᠠᠭᠠᠯᠭ᠎ᠠ ᠪᠠᠯᠭᠠᠰᠤ᠄ 0472 - 8428394 ᠦᠬᠡᠷᠬᠤᠳᠳᠤᠭ ᠪᠠᠯᠭᠠᠰᠤ᠄ 0472 - 8312116 ᠰᠢᠪᠠᠷᠬᠦ᠋ᠷᠢᠶ᠎ᠡ ᠪᠠᠯᠭᠠᠰᠤ᠄ 0472 - 8311651 ᠪᠠᠶᠠᠨᠬᠤᠸᠠ ᠪᠠᠯᠭᠠᠰᠤ᠄ 0472 - 8315274 ᠰᠢᠷᠠᠮᠦ᠋ᠷᠡᠨ ᠪᠠᠯᠭᠠᠰᠤ᠄ 0472 - 8313101 ᠮᠠᠨᠳᠤᠯ ᠪᠠᠯᠭᠠᠰᠤ᠄ 0472 - 8315630  ᠴᠠᠭᠠᠨᠬᠠᠳᠠ ᠰᠤᠮᠤ᠄ 0472 - 8315586 ᠳᠠᠷᠬᠠᠨ ᠰᠤᠮᠤ᠄ 0472 - 8315393 ᠪᠠᠭ᠎ᠠ ᠣᠩᠭᠤᠨ ᠰᠢᠶᠠᠩ᠄ 0472 - 8315850 ᠪᠠᠶ᠋ᠬᠠᠣᠪᠤᠭ᠎ᠠ ᠰᠤᠮᠤ᠄ 0472 - 8310006 ᠰᠢ ᠾᠧ ᠰᠢᠶᠠᠩ᠄ 0472 - 8315175 ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 110       ᠱᠠᠩᠨᠠᠬᠤ ᠠᠪᠬᠤ ᠤᠲᠠᠰᠤ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠄ 0472 - 8423850      ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠲᠤ ᠪᠠᠷ ᠰᠠᠬᠢᠨ ᠬᠠᠮᠠᠭᠠᠯᠠᠵᠤ᠂ ᠬᠠᠤᠯᠢ ᠶᠣᠰᠣᠨ ᠤ ᠡᠵᠡᠩᠨᠡᠯᠲᠡ ᠪᠠᠷ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠶ᠎ᠠ︕                  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ                  ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                   2025 ᠣᠨ ᠤ 4 ᠰᠠᠷ᠎ᠠ ᠶᠢᠨ 15 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号