ᠪᠤᠯᠤᠩ ᠨᠡᠭᠡᠭᠡᠬᠦ ᠦᠭᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠳᠦᠭᠦᠮᠴᠢᠯᠡᠭᠡᠳ᠄ ᠳᠠᠷᠬᠠᠨ ᠮᠤᠤᠮᠢᠩᠭᠠᠨ ᠬᠤᠰᠢᠭᠤ︶᠂ | ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠭᠠᠷᠮᠠᠭᠠᠶ ᠬᠥᠮᠦᠨ | ᠪᠠᠶᠢᠳᠠᠭ᠃ ᠣᠯᠠᠨ ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠡᠰᠢᠲᠦ | ᠰᠣᠶᠣᠯ ᠰᠣᠯᠪᠢᠴᠠᠨ ᠨᠡᠪᠲᠡᠷᠡᠯᠴᠡᠵᠦ᠂ ᠣᠯᠠᠨ ᠦᠨᠳᠦᠰᠦᠲᠡᠨ ᠡᠶ᠎ᠡ ᠵᠣᠬᠢᠴᠠᠩᠭᠤᠶ ᠬᠠᠮᠲᠤ ᠪᠠᠷ ᠠᠭᠤᠰᠤᠯᠴᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠨᠠᠶᠢᠷᠠᠯ ᠬᠥᠭᠵᠢᠮ ᠢ ᠪᠢᠴᠢᠭᠯᠡᠪᠡ᠃ ︽ᠭᠤᠷᠪᠠᠨ ᠮᠢᠩᠭᠠᠨ ᠥᠨᠥᠴᠢᠨ ᠬᠡᠦᠬᠡᠳ | ᠥᠪᠥᠷ ᠮᠣᠩᠭᠤᠯ ᠳᠤ ᠢᠷᠡᠵᠦ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ | ᠲᠡᠮᠤᠷ ᠤᠨ ᠺᠣᠮᠫᠠᠨᠢ ᠶᠢ ᠪᠠᠶᠢᠭᠤᠯᠬᠤ︾᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ | ᠶᠢᠨ ᠲᠡᠦᠬᠡ ᠶᠢᠨ ᠰᠠᠶᠢᠬᠠᠨ ᠦᠯᠢᠭᠡᠷ ᠪᠠ ᠪᠠᠭᠠᠲᠤᠷᠴᠤᠳ ᠤᠨ ᠦᠯᠢᠭᠡᠷ ᠠᠳᠡ ᠠᠴᠠ ᠤᠯᠠᠮᠵᠢᠯᠠᠭᠳᠠᠪᠠ᠃ | ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤ 1952 ᠣᠨ ᠳᠤ ᠬᠤᠰᠢᠭᠤ ᠪᠠᠶᠢᠭᠤᠯᠤᠭᠳᠠᠭᠰᠠᠨ ᠠᠴᠠ ᠨᠠᠭᠠᠰᠢ | 70 ᠭᠠᠷᠤᠢ ᠵᠢᠯ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠠᠢ︔ 70 ᠭᠠᠷᠤᠢ ᠵᠢᠯ | ᠰᠠᠯᠬᠢ ᠪᠣᠷᠣᠭᠠᠨ ᠢ ᠨᠠᠮᠢᠷᠠᠭᠤᠯᠤᠨ᠂ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠪᠠ᠃ ᠡᠳᠦᠭᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠶᠠᠭ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠲᠡᠦᠬᠡ ᠶᠢᠨ ᠤᠷᠤᠰᠬᠠᠯ ᠤᠨ ᠡᠮᠦᠨ᠎ᠡ ᠵᠣᠭᠰᠣᠵᠤ᠂ ᠲᠤᠭ᠎ᠠ ᠲᠣᠮᠰᠢ ᠥᠬᠡᠶ ᠲᠠᠯ᠎ᠠ | ᠨᠤᠲᠤᠭ ᠤᠨ ᠬᠥᠪᠡᠭᠦᠳ ᠥᠬᠢᠳ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠳᠤ ᠮᠠᠰᠢ ᠣᠯᠠᠨ ᠬᠦᠴᠦ ᠬᠥᠳᠡᠯᠮᠦᠷᠢ ᠵᠠᠷᠤᠴᠠᠭᠤᠯᠵᠤ᠂ ᠲᠡᠳᠡᠨ ᠤ ᠳᠣᠲᠣᠷᠠᠬᠢ ᠵᠠᠷᠢᠮ | ᠬᠥᠮᠦᠰ ᠨᠢᠭᠡᠨᠲᠡ ᠣᠨᠳᠣᠤ ᠭᠠᠵᠠᠷ ᠲᠤ ᠬᠦᠷᠴᠦ ᠠᠵᠢᠯᠯᠠᠵᠤ ᠠᠮᠢᠳᠤᠷᠠᠵᠤ ᠪᠠᠶᠢᠨ᠎ᠠ᠃ | ᠨᠠᠩ ᠥᠷᠭᠡᠨ ᠳᠡᠯᠭᠡᠷ ᠬᠠᠯᠠᠮᠵᠢᠯᠠᠯ ᠳᠡᠮᠵᠢᠯᠭᠡ ᠶᠢ ᠲᠥᠪᠯᠡᠷᠡᠭᠦᠯᠵᠦ᠂ ᠮᠠᠨ ᠤ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠰᠣᠶᠣᠯ ᠲᠡᠦᠬᠡ ᠶᠢᠨ ᠵᠥᠪᠯᠡᠯ ᠪᠣᠯᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ | ᠬᠠᠮᠲᠤᠷᠠᠨ ︽ᠥᠩᠭᠡ ᠢᠯᠭᠠᠷᠠᠭᠰᠠᠨ ᠶᠡᠭᠡ ᠨᠡᠭᠡᠭᠡᠯᠲᠡᠲᠡᠶ ᠪᠠᠭᠲᠠᠭᠠᠮᠵᠢᠲᠠᠶ — ᠠᠯᠣᠰ ᠬᠤᠯᠠ ᠶᠢᠨ ᠳᠠᠷᠬᠠᠨ | ᠮᠤᠤᠮᠢᠩᠭᠠᠨ ᠤ ᠬᠥᠮᠦᠰ︾ ᠭᠡᠬᠦ ᠪᠤᠯᠤᠩ ᠢ ᠨᠡᠭᠡᠭᠡᠵᠦ᠂ ᠮᠡᠨᠳᠦᠯᠡᠬᠦ᠂ ᠰᠤᠷᠤᠯᠴᠠᠬᠤ᠂ ᠦᠰᠦᠨ ᠪᠣᠶᠢᠵᠢᠬᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠠᠵᠢᠯᠯᠠᠵᠤ ᠪᠠᠶᠢᠭᠰᠠᠨ ᠤᠯᠤᠰ ᠤᠨ ᠳᠣᠲᠣᠭᠠᠳᠤ | ᠭᠠᠳᠠᠭᠠᠳᠤ ᠶᠢᠨ ᠰᠤᠳᠤᠴᠤᠤᠯ ᠤᠨ ᠬᠥᠮᠦᠰ᠂ ᠰᠢᠯᠢᠳᠡᠭ ᠬᠥᠮᠦᠰ ᠤᠨ ᠴᠤᠭ ᠵᠢᠪᠬᠤᠭ᠎ᠠ ᠶᠢ ᠢᠯᠡᠷᠡᠭᠦᠯᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠡᠭᠡᠯᠲᠡᠲᠡᠶ ᠪᠠᠭᠲᠠᠭᠠᠮᠵᠢᠲᠠᠶ᠂ ᠴᠤᠭ ᠪᠠᠳᠠᠷᠠᠩᠭᠤᠶ ᠥᠭᠡᠳᠡᠯᠡᠨ | ᠳᠠᠪᠰᠢᠬᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠨᠠᠩ ᠣᠯᠠᠨ ᠰᠡᠳᠭᠢᠯᠭᠡ ᠪᠠᠷ ᠨᠤᠲᠤᠭ | ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ | ᠬᠤᠯᠪᠤᠭᠰᠠᠨ ᠬᠥᠮᠦᠰ ᠤᠨ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠥᠭᠵᠢᠯᠲᠡ ᠳᠤ ᠠᠷᠭ᠎ᠠ ᠤᠬᠠᠭᠠᠨ | ᠭᠠᠷᠭᠠᠵᠤ ᠬᠦᠴᠦᠨ ᠴᠢᠳᠠᠯ ᠢᠶᠠᠨ ᠡᠷᠭᠦᠬᠦ ᠪᠠᠷ ᠵᠣᠷᠢᠯᠭ᠎ᠠ ᠪᠠᠨ ᠪᠣᠯᠭᠠᠵᠠᠢ᠃ | ᠰᠣᠶᠣᠯ ᠤᠨ ᠤᠭ ᠰᠤᠳᠠᠰᠤ | ᠭᠤᠸᠠᠩ ᠹᠦ᠋ ᠰᠥᠮ᠎ᠡ ᠶᠢᠨ ᠦᠷᠯᠦᠭᠡ ᠦᠳᠡᠰᠢ ᠶᠢᠨ ᠬᠡᠩᠭᠡᠷᠭᠡᠨ ᠳᠤᠮᠳᠠ᠂ ᠬᠡᠤᠬᠡᠨ ᠠᠭᠤᠯᠠᠨ ᠤ ᠰᠦᠷᠯᠢᠭ | ᠰᠠᠢᠬᠠᠨ ᠰᠡᠭᠦᠳᠡᠷ ᠲᠤ᠂ ᠨᠢᠭᠡ ᠬᠤᠣᠰ ᠡᠭᠡᠴᠢ ᠳᠡᠭᠦᠦ ᠬᠤᠶᠠᠷ ᠳᠠᠭᠤ ᠪᠠᠷ ᠢᠶᠠᠨ ᠴᠠᠭ ᠮᠥᠴᠡ ᠶᠢ ᠰᠡᠶᠢᠯᠵᠦ᠂ | ᠠᠷᠢᠭᠤᠨ ᠰᠡᠳᠬᠢᠯ ᠢᠶᠠᠷ ᠶᠢᠷᠲᠢᠨᠴᠦ ᠶᠢ ᠬᠡᠮᠵᠢᠨ᠎ᠡ᠃ ᠰᠡᠴᠡᠨᠲᠠᠨ᠎ᠠ ᠪᠣᠯᠤᠨ ᠬᠦᠰᠢᠶᠡᠴᠢ ᠡᠭᠡᠴᠢ ᠳᠡᠭᠦᠦ ᠬᠤᠶᠠᠭᠤᠯᠠ | ᠂ ᠡᠨᠡ ᠬᠤᠣᠰ ᠭᠤᠪᠢ ᠶᠢᠨ ᠡᠮᠦᠨᠡᠬᠢ ᠲᠠᠯ᠎ᠠ ᠨᠤᠲᠤᠭ ᠠᠴᠠ ᠭᠠᠷᠴᠤ ᠢᠷᠡᠭᠰᠡᠨ ᠲᠥᠪ ᠲᠧᠯᠸᠢᠰ ᠤᠨ ᠫᠷᠦᠭᠷᠡᠮ ᠤᠨ | ᠬᠥᠲᠥᠯᠦᠭᠴᠢ᠂ ᠭᠤᠴᠢᠨ ᠵᠢᠯ ᠤᠨ ᠴᠠᠭ ᠢᠶᠠᠷ ᠨᠢᠭᠡ ᠬᠡᠰᠡᠭ ᠵᠡᠭᠦᠨ ᠪᠠᠷᠠᠭᠤᠨ ᠢ ᠰᠤᠨᠳᠠᠯᠠᠭᠰᠠᠨ ᠠᠵᠢᠯ ᠤᠨ | ᠳᠣᠮᠤᠭ ᠢ ᠪᠢᠴᠢᠭᠰᠡᠨ ᠪᠠᠶᠢᠨ᠎ᠠ᠃ | ᠲᠡᠳᠡᠨᠦᠰ ᠤᠨ ᠦᠯᠢᠭᠡᠷ ᠨᠢ ᠪᠠᠲᠤᠬᠠᠭᠠᠯᠭ᠎ᠠ ᠶᠢᠨ ᠰᠤᠳᠤᠷ ᠤᠨ ᠪᠠᠨᠵᠢᠳ ᠠᠴᠠ ᠡᠬᠢᠯᠡᠨ — ᠡᠩᠬᠡ | ᠠᠮᠤᠭᠤᠯᠠᠩ ᠬᠠᠭᠠᠨ ᠤ ᠨᠡᠷ᠎ᠡ ᠬᠠᠶᠢᠷᠠᠯᠠᠭᠰᠠᠨ ︽ᠭᠤᠸᠠᠩ ᠹᠦ᠋ ᠰᠦᠮ᠎ᠡ︾᠂ ᠡᠨᠡ ᠬᠦ ᠮᠢᠬ᠎ᠠ ᠴᠢᠰᠦ ᠪᠠᠷ | ᠪᠦᠷᠢᠯᠳᠦᠭᠰᠡᠨ ᠪᠡᠶ᠎ᠡ ᠪᠠᠷ ᠢᠶᠠᠨ ᠲᠠᠯ᠎ᠠ ᠨᠤᠲᠤᠭ ᠤᠨ ᠡᠷᠲᠡᠨ ᠤ ᠰᠦᠮ᠎ᠡ ᠶᠢ ᠬᠠᠮᠠᠭᠠᠯᠠᠵᠤ ᠪᠠᠶᠢᠭᠰᠠᠨ᠂ ᠰᠤᠶᠤᠯ ᠤᠨ | ᠪᠠᠲᠤ ᠵᠣᠷᠢᠭ ᠢ ᠡᠭᠡᠴᠢ ᠳᠡᠭᠦᠦ ᠶᠢᠨ ᠭᠧᠨ ᠳᠤ ᠰᠡᠶᠢᠯᠵᠡᠶ᠃ ᠡᠬᠡ ᠨᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠢᠯᠢᠳᠡᠭ ᠮᠣᠩᠭᠤᠯ ᠬᠢᠲᠠᠳ ᠬᠤᠣᠰ ᠬᠡᠯᠡᠨ ᠤ ᠨᠡᠪᠲᠡᠷᠡᠭᠦᠯᠦᠭᠴᠢ ᠂ ᠲᠠᠯ᠎ᠠ ᠨᠤᠲᠤᠭ ᠤᠨ ︽ᠷᠠᠳᠢᠣ᠋ | ᠨᠡᠪᠲᠡᠷᠡᠭᠦᠯᠭᠡ︾ ᠶᠢᠨ ᠬᠤᠰᠢᠭᠤᠴᠢ ᠪᠣᠯᠵᠤ ᠥᠩᠭᠡᠷᠡᠪᠡ᠃ ᠠᠪᠤ ᠨᠢ ᠭᠦᠨ ᠵᠤᠵᠠᠭᠠᠨ ᠮᠡᠳᠡᠯᠭᠡ ᠶᠢᠨ ᠰᠠᠭᠤᠷᠢ ᠪᠠ | ᠲᠥᠪ ᠴᠢᠩᠭ᠎ᠠ ᠰᠤᠳᠤᠯᠤᠯ ᠤᠨ ᠣᠪᠣᠷ ᠢᠶᠠᠷ ᠦᠷ᠎ᠡ ᠬᠡᠦᠬᠡᠳ ᠲᠤ ᠪᠠᠨ ᠬᠥᠮᠦᠨ ᠤ ᠠᠮᠢᠳᠤᠷᠠᠯ ᠤᠨ ᠬᠡᠪ | ᠳᠠᠭᠤᠷᠢᠶᠠᠯ ᠢ ᠪᠤᠢ ᠪᠣᠯᠭᠠᠵᠤ ᠥᠭᠭᠦᠭᠰᠡᠨ ᠪᠠᠶᠢᠨ᠎ᠠ᠃ ᠲᠡᠦᠬᠡ ᠪᠠ ᠢᠲᠡᠭᠡᠯ ᠪᠢᠰᠢᠷᠡᠯ ᠢ ᠰᠢᠩᠭᠡᠭᠡᠭᠰᠡᠨ ᠡᠨᠡ ᠬᠦ | ᠨᠤᠲᠤᠭ ᠳᠡᠪᠢᠰᠬᠡᠷ ᠳᠡᠭᠡᠷ᠎ᠡ᠂ ᠡᠭᠡᠴᠢ ᠳᠡᠭᠦᠦ ᠬᠤᠶᠠᠭᠤᠯᠠ ᠨᠢᠯᠬ᠎ᠠ ᠠᠴᠠ ᠠᠪᠤᠨ᠄ ᠳᠠᠭᠤ ᠨᠢ ᠲᠥᠷᠥᠯᠬᠢ ᠠᠪᠢᠶᠠᠰ | ᠪᠢᠰᠢ᠂ ᠨᠡᠩ ᠡᠭᠦᠷᠭᠡ ᠬᠠᠷᠢᠭᠤᠴᠠᠯᠭ᠎ᠠ ᠪᠣᠯᠣᠨ᠎ᠠ ᠭᠡᠳᠡᠭ ᠢ ᠤᠶᠢᠯᠭᠠᠪᠠ᠃ | ᠡᠭᠡᠴᠢ᠄ ᠬᠢᠯᠢ ᠰᠤᠨᠳᠠᠯᠠᠭᠰᠠᠨ ᠨᠠᠶᠢᠷᠠᠯ ᠬᠦᠭᠵᠢᠮ | ᠰᠡᠴᠡᠨᠲᠠᠨ᠎ᠠ ᠶᠢᠨ ᠤᠷᠠᠯᠢᠭ ᠤᠨ ᠠᠮᠢᠲᠤᠷᠠᠯ ᠨᠢ ᠲᠠᠯ᠎ᠠ ᠨᠤᠲᠤᠭ ᠤᠨ ᠤᠷᠲᠤ ᠶᠢᠨ ᠬᠦᠭᠵᠢᠮ ᠰᠢᠭ ᠠᠯᠤᠰ | ᠬᠤᠯᠠ ᠶᠢᠨ ᠪᠠᠶᠢᠲᠠᠭ᠄ ︽ᠳᠤᠮᠲᠠᠲᠤ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠮᠡᠲᠡᠬᠡᠯᠡᠯ︾ ᠤᠨ ᠠᠯᠲᠠᠨ | ᠮᠧᠲᠡᠯ ᠤᠨ ᠡᠷᠬᠢᠯᠡᠭᠴᠢ᠂ ᠠᠮᠧᠷᠢᠺᠠ ᠶᠢᠨ ᠳᠤᠮᠲᠠᠲᠤ ᠶᠢᠨ ᠰᠣᠨᠢᠨ ᠮᠡᠲᠡᠬᠡᠨ ᠤ ᠬᠤᠷᠢᠶᠠᠨ ᠤ ᠰᠤᠶᠤᠯ ᠤᠨ ᠡᠯᠴᠢ ; | ᠳᠤᠮᠲᠠᠲᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠨᠡᠪᠲᠡᠷᠡᠭᠦᠯᠭᠡ ᠶᠢᠨ ᠰᠠᠯᠪᠤᠷᠢ ᠶᠢᠨ ᠬᠥᠬᠡ | ᠡᠬᠡᠭᠦᠨ ᠰᠤᠷᠤᠭᠴᠢ᠂ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠣᠯᠠᠨ ᠬᠡᠯᠡᠨ ᠤ ᠶᠠᠷᠢᠶ᠎ᠠ ᠲᠠᠯᠪᠢᠭᠴᠢ ; | ᠶᠠᠷᠢᠭᠤᠯ ᠤᠨ ᠡᠮᠦᠨᠡᠬᠢ ︽ᠲᠠᠯ᠎ᠠ ᠨᠤᠲᠤᠭ ᠤᠨ ᠠᠯᠲᠠᠨ ᠭᠤᠷᠭᠤᠤᠯᠳᠠᠢ︾ ᠠᠴᠠ᠂ ᠨᠢᠦ᠋ ᠶᠤᠷᠺ ᠤᠨ ᠵᠢᠷᠤᠭ ᠤᠨ | ᠬᠤᠩᠭᠢᠯ ᠳᠠᠬᠢ ᠥᠩᠭᠡ ᠪᠤᠳᠤᠭ ᠤᠨ ᠰᠢᠯᠦᠭᠴᠢᠨ ᠪᠣᠯᠲᠠᠯ᠎ᠠ᠂ ᠲᠡᠭᠦᠨ ᠤ ᠪᠣᠳᠤᠭ ᠤᠨ ᠵᠢᠭᠤᠷᠠᠭᠤᠯ ᠤᠨ ᠳᠣᠲᠣᠷᠠᠬᠢ | ᠨᠤᠲᠤᠭ ᠤᠨ ᠦᠷᠯᠦᠬᠡ ᠶᠢᠨ ᠳᠡᠪᠢᠰᠬᠡᠷ ᠥᠩᠭᠡ ᠬᠤᠪᠢᠷᠠᠭ᠎ᠠ ᠦᠭᠡᠢ᠃ ᠠᠮᠧᠷᠢᠺᠠ ᠳᠤ ᠵᠢᠭᠤᠯᠴᠢᠯᠠᠵᠤ ᠪᠠᠶᠢᠭ᠎ᠠ | ᠬᠤᠭᠤᠴᠠᠭᠠᠨ ᠳᠤ᠂ ᠲᠡᠭᠦᠨ ᠤ ᠡᠭᠦᠳᠦᠨ ᠪᠠᠶᠢᠭᠤᠯᠤᠭᠰᠠᠨ ︽ᠰᠡᠴᠡᠨᠲᠠᠨ᠎ᠠ ᠷᠠᠳᠢᠣ᠋ ᠨᠡᠪᠲᠡᠷᠡᠭᠦᠯᠭᠡ︾ ᠨᠢ ᠳᠤᠮᠳᠠᠳᠤ | ᠥᠷᠥᠨᠡᠳᠠᠬᠢᠨ ᠤ ᠰᠣᠶᠣᠯ ᠢ ᠬᠤᠯᠪᠣᠭᠰᠠᠨ ᠳᠠᠭᠤᠨ ᠳᠣᠯᠭᠢᠶᠠᠨ ᠤ ᠬᠥᠭᠦᠷᠭᠡ ᠪᠣᠯᠵᠤ᠂ ᠶᠠᠭ ᠲᠡᠭᠦᠨ ᠤ ᠬᠡᠯᠡᠭᠰᠡᠨ | ᠢᠶᠠᠷ᠄ ︽ᠬᠡᠳᠦᠢ ᠬᠤᠯᠠ ᠶᠠᠪᠣᠭᠰᠠᠨ ᠴᠦ᠂ ᠮᠢᠨᠦ ᠳᠠᠭᠤᠨ ᠳᠣᠲᠣᠷ᠎ᠠ ᠴᠥᠮ ᠪᠠᠲᠤᠬᠠᠭᠠᠯᠭ᠎ᠠ ᠶᠢᠨ ᠰᠠᠯᠬᠢᠨ ᠤ | ᠳᠠᠭᠤᠨ ᠪᠠᠶᠢᠳᠠᠭ︾ ᠭᠡᠪᠡ᠃ ᠬᠡᠯᠪᠡᠷᠢ ᠬᠤᠪᠢᠷᠠᠨ ᠵᠢᠷᠤᠭᠴᠢᠨ ᠪᠣᠯᠣᠭᠰᠠᠨ ᠤ ᠳᠠᠷᠠᠭ᠎ᠠ᠂ ︽ᠣᠪᠣᠭᠠᠨ ᠰᠠᠭᠤᠭᠳᠠᠯ︾ | ᠭᠡᠳᠡᠭ ᠵᠢᠷᠤᠭ ᠨᠢ ︽ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠤ ᠲᠤᠤᠯᠢ︾ ᠭᠡᠮᠡᠨ ᠮᠠᠭᠲᠠᠭᠳᠠᠭᠰᠠᠨ ᠪᠠᠶᠢᠨ᠎ᠠ | ᠃ | ︽ᠬᠠᠮᠢᠭ᠎ᠠ ᠣᠴᠢᠭᠰᠠᠨ ᠴᠤ᠂ ᠲᠠᠯ᠎ᠠ ᠨᠤᠲᠤᠭ ᠪᠣᠯ ᠴᠥᠮ ᠮᠢᠨᠦ ᠰᠡᠳᠬᠢᠯ ᠳᠠᠬᠢ ᠬᠠᠮᠤᠭ ᠤᠨ ᠰᠠᠶᠢᠬᠠᠨ | ᠳᠡᠪᠢᠰᠬᠡᠷ ᠦᠩᠭᠡ ᠪᠣᠯᠤᠨ᠎ᠠ︾᠃ ᠡᠨᠡ ᠪᠣᠯ ᠲᠡᠭᠦᠨ ᠤ ᠬᠠᠮᠤᠭ ᠠᠴᠠ ᠦᠷᠭᠦᠯᠵᠢ ᠶᠠᠷᠢᠳᠠᠭ ᠦᠭᠡ ᠮᠥᠨ᠃ | ᠳᠡᠭᠦᠦ᠄ ᠬᠠᠤᠯᠢ ᠪᠠᠷ ᠵᠠᠰᠠᠬᠤ ᠭᠡᠷᠡᠯ ᠭᠢᠯᠪᠠᠭ᠎ᠠ | ᠬᠦᠰᠢᠶᠡᠴᠢ ᠰᠣᠨᠢᠨ ᠮᠡᠳᠡᠭᠡᠨ ᠤ ᠬᠥᠮᠦᠨ ᠤ ᠲᠤᠰᠬᠠᠢ ᠮᠡᠷᠭᠡᠵᠢᠯ ᠢᠶᠠᠷ ᠬᠡᠮᠵᠢᠬᠦ ᠴᠠᠭ ᠦᠶ᠎ᠡ᠄ ᠲᠥᠪ | ᠲᠧᠯᠸᠢᠰ ᠤᠨ ᠬᠠᠤᠯᠢ ᠪᠠᠷ ᠵᠠᠰᠠᠬᠤ ᠮᠡᠳᠡᠭᠡᠯᠡᠯ ᠤᠨ ᠪᠦᠯᠬᠦᠮ ᠤᠨ ᠭᠤᠣᠯ ᠭᠡᠰᠢᠬᠦᠨ᠂ ︽ᠠᠮᠤᠭᠤᠯᠠᠩ ᠳᠤᠮᠳᠠᠳᠤ | ᠤᠯᠤᠰ︾ ᠵᠡᠷᠭᠡ ᠬᠡᠪ ᠳᠠᠭᠤᠷᠢᠶᠠᠯ ᠪᠣᠯᠬᠤ ᠪᠤᠯᠤᠩ ᠤᠨ ᠭᠤᠣᠯ ᠤᠳᠤᠷᠢᠳᠤᠭᠴᠢ ᠪᠣᠯᠤᠭᠰᠠᠨ ᠤ ᠬᠤᠪᠢ ᠳᠤ᠂ | ᠳᠤᠮᠳᠠᠳᠤ ᠤᠯᠤᠰ ᠤᠨ ᠰᠣᠨᠢᠨ ᠮᠡᠳᠡᠭᠡᠨ ᠤ ᠶᠡᠭᠡ ᠱᠠᠩᠨᠠᠯ ᠢ ᠭᠤᠷᠪᠠᠨ ᠤᠳᠠᠭ᠎ᠠ ᠬᠦᠷᠲᠡᠭᠰᠡᠨ ︽ᠪᠠᠶᠢᠴᠠᠭᠠᠯᠲᠠ ᠶᠢᠨ | ᠰᠤᠷᠪᠤᠯᠵᠢᠯᠠᠭᠴᠢ︾ ᠪᠠᠶᠢᠵᠦ᠂ ᠲᠡᠭᠦᠨ ᠤ ᠠᠵᠢᠯ ᠨᠢ ᠤᠯᠤᠰ ᠤᠨ ᠠᠷᠠᠳ ᠤᠨ ᠠᠮᠢᠳᠤᠷᠠᠯ ᠤᠨ ᠣᠯᠠᠨ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠶᠢ ᠠᠬᠢᠭᠤᠯᠪᠠ᠃ ᠲᠡᠭᠦᠨ ᠤ ᠮᠡᠳᠡᠭᠡᠯᠡᠭᠰᠡᠨ ︽ᠨᠤᠲᠤᠭ | ᠪᠡᠯᠴᠢᠭᠡᠷ ᠤᠨ ᠴᠠᠷᠴᠠᠬᠠᠶ ᠶᠢᠨ ᠭᠠᠮᠰᠢᠭ ᠤᠨ ᠰᠡᠷᠡᠮᠵᠢ ᠶᠢᠨ ᠲᠡᠮᠳᠡᠭᠯᠡᠯ︾ ᠨᠢ ᠭᠠᠮᠰᠢᠭᠳᠠᠭᠰᠠᠨ ᠣᠯᠠᠨ ᠲᠦᠮᠡᠨ ᠳᠤ | ᠤᠯᠤᠰ ᠤᠨ ᠲᠠᠰ ᠤᠨ ᠠᠮᠢ ᠠᠬᠤᠶ ᠶᠢᠨ ᠵᠠᠰᠠᠯᠲᠠ ᠶᠢᠨ ᠳᠡᠮᠵᠢᠯᠭᠡ ᠣᠯᠭᠤᠪᠠ᠃ ᠲᠡᠭᠦᠨ ᠤ ᠡᠷᠭᠢᠯᠡᠭᠰᠡᠨ | ᠲᠣᠭᠯᠠᠯᠲᠠ ᠪᠠ ᠰᠤᠷᠪᠤᠯᠵᠢᠯᠠᠭ᠎ᠠ ᠨᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ | ᠠᠰᠫᠢᠷᠠᠨᠲ ᠤᠨ ᠬᠢᠴᠢᠶᠡᠯ ᠤᠨ ᠲᠠᠩᠬᠢᠮ ᠤᠨ ︽ᠠᠮᠢᠳᠤ ᠮᠠᠲ᠋ᠧᠷᠢᠶᠠᠯ︾ ᠪᠣᠯᠵᠣ᠂ ᠮᠠᠰᠢ ᠣᠯᠠᠨ ᠰᠣᠨᠢᠨ ᠮᠡᠳᠡᠭᠡᠨ ᠤ | ᠮᠡᠳᠡᠭᠡᠯᠡᠯ ᠤᠨ ᠰᠢᠨ᠎ᠡ ᠬᠦᠴᠦᠨ ᠢ ᠬᠥᠮᠦᠵᠢᠭᠦᠯᠵᠡᠶ᠃ ︽ᠦᠵᠡᠭᠳᠡᠯ ᠢᠶᠠᠷ ᠲᠤᠬᠠᠶ ᠶᠢᠨ ᠲᠠᠯᠠᠪᠠᠢ ᠶᠢ ᠢᠮᠠᠭᠲᠠ | ᠣᠨᠣᠪᠴᠢᠲᠠᠶ ᠡᠵᠡᠮᠳᠡᠵᠦ᠂ ᠰᠡᠳᠬᠢᠯ ᠲᠠᠯᠪᠢᠵᠤ ᠦᠨᠡᠨ ᠪᠠᠶᠢᠳᠠᠯ ᠢ ᠡᠷᠢᠬᠦ︾ ᠡᠨᠡ ᠬᠦ ᠠᠵᠢᠯ ᠤᠨ ᠰᠤᠷᠭᠠᠯ | ᠦᠭᠡ ᠨᠢ ᠲᠡᠭᠦᠨ ᠤ ᠰᠡᠳᠬᠢᠯ ᠵᠢᠷᠦᠬᠡ ᠶᠢ ᠡᠪᠦᠷᠯᠡᠭᠰᠡᠨ ᠠᠵᠢᠯ ᠮᠡᠷᠭᠡᠵᠢᠯ ᠤᠨ ᠵᠠᠩ ᠴᠢᠨᠠᠷ ᠢ ᠬᠠᠷᠠᠭᠤᠯᠵᠤ ᠪᠠᠶᠢᠨ᠎ᠠ᠃ | | ᠣᠶᠤᠨ ᠰᠠᠨᠠᠭᠠᠨ ᠤ ᠤᠯᠠᠮᠵᠢᠯᠠᠯ | ᠡᠭᠡᠴᠢ᠄ ︽ᠠᠪᠤ ᠶᠢᠨ ᠨᠣᠮ ᠤᠨ ᠵᠢᠶᠠᠰᠠ ᠪᠣᠯ ᠮᠠᠨ ᠤ ᠬᠠᠮᠤᠭ ᠤᠨ ᠡᠷᠲᠡᠨ ᠤ ᠮᠡᠳᠡᠯᠭᠡ ᠶᠢᠨ ᠣᠷᠳᠣᠨ︾ | ᠭᠡᠵᠦ ᠬᠡᠯᠡᠭᠰᠡᠨ ᠶᠤᠮ᠃ | ᠳᠡᠭᠦᠦ᠄ ︽ᠡᠵᠢ ᠪᠢᠳᠡ ᠳᠤ ᠬᠠᠶᠢᠷ᠎ᠠ ᠪᠠᠷ ᠶᠢᠷᠲᠢᠨᠴᠦ ᠶᠢ ᠣᠶᠢᠯᠭᠠᠬᠤ ᠶᠢ ᠵᠢᠭᠠᠨ ᠦᠭᠴᠡᠢ︾ ᠭᠡᠵᠡᠢ᠃ | ᠪᠠᠲᠤᠬᠠᠭᠠᠯᠭ᠎ᠠ ᠶᠢᠨ ᠬᠡᠦᠬᠡᠳ ᠶᠡᠷᠦ ᠮᠠᠷᠲᠠᠭᠰᠠᠨ ᠦᠭᠡᠢ᠄ | ᠡᠵᠢ ᠶᠢᠨ ᠨᠢᠭᠡ ᠠᠶᠠᠭ᠎ᠠ ᠰᠦ ᠶᠢᠨ ᠦᠨᠦᠷ ᠠᠩᠭᠢᠯᠤᠳᠠᠭ ᠮᠣᠩᠭᠤᠯ ᠴᠠᠢ | ᠠᠪᠤ ᠶᠢᠨ ᠳ᠋ᠧᠩ ᠤᠨ ᠳᠣᠣᠷᠠᠬᠢ ᠵᠢᠭᠠᠬᠤ ᠲᠦᠰᠦᠪ ᠢᠶᠠᠨ ᠵᠠᠯᠠᠷᠠᠭᠤᠯᠳᠠᠭ ᠰᠡᠭᠦᠳᠡᠷ | ᠬᠡᠤᠬᠡᠨ ᠠᠭᠤᠯᠠᠨ ᠡᠩᠬᠡᠷ ᠤᠨ ᠵᠦᠷᠢᠭᠦᠦ ᠳᠡᠯᠭᠡᠷᠡᠳᠡᠭ ᠰᠠᠷᠠᠨ᠎ᠠ ᠴᠡᠴᠡᠭ | ᠰᠡᠴᠡᠨᠲᠠᠨ᠎ᠠ ᠵᠢᠷᠤᠭ ᠤᠨ ᠣᠷᠣᠰᠢᠯ ᠳᠡᠭᠡᠷ᠎ᠡ ᠪᠠᠨ᠄ ︽ᠮᠢᠨᠦ ᠪᠦᠲᠦᠭᠡᠯ᠂ ᠥᠨᠢ ᠡᠭᠦᠷᠢᠳᠡ ᠲᠠᠯ᠎ᠠ ᠨᠤᠲᠤᠭ | ᠪᠣᠯᠤᠨ ᠳᠡᠯᠡᠬᠡᠢ ᠶᠢᠨ ᠶᠠᠷᠢᠯᠴᠠᠭᠠᠨ ᠤ ᠬᠡᠯᠪᠡᠷᠢ ᠶᠢ ᠡᠷᠢᠯᠬᠢᠯᠡᠵᠦ ᠪᠠᠶᠢᠨ᠎ᠠ︾ ᠭᠡᠵᠦ ᠨᠡᠶᠢᠲᠡᠯᠡᠪᠡ᠃ ᠬᠦᠰᠢᠶᠡᠴᠢ | ᠲᠥᠪ ᠲᠧᠯᠸᠢᠰ ᠤᠨ ᠣᠨ ᠤ ᠱᠠᠩᠨᠠᠯ ᠣᠯᠭᠤᠬᠤ ᠶᠣᠰᠣᠯᠠᠯ ᠳᠡᠭᠡᠷ᠎ᠡ ᠲᠥᠪ ᠴᠢᠩᠭ᠎ᠠ ᠪᠠᠷ᠄ ︽ | ᠰᠤᠷᠪᠤᠯᠵᠢᠯᠠᠭᠴᠢ ᠶᠢᠨ ᠭᠠᠷ ᠲᠤ ᠬᠦᠨᠳᠦ ᠲᠠᠢ᠂ ᠢᠷᠠᠭᠤ ᠠᠯᠳᠠᠷ ᠢ ᠡᠪᠳᠡᠳᠡᠭ ᠵᠠᠯᠢᠬᠠᠢ ᠬᠦᠮᠦᠰ ᠪᠣᠢ᠂ ᠨᠡᠩ ᠴᠦ | ᠲᠥᠪ ᠶᠣᠰᠣᠨ ᠤ ᠡᠷᠡᠰ ᠬᠠᠲᠠᠭᠤ ᠪᠠᠶᠢᠳᠠᠭ︾ ᠭᠡᠵᠦ ᠲᠤᠩᠬᠠᠭ ᠨᠡᠢᠲᠡᠯᠡᠪᠡ᠃ | ᠴᠠᠭ ᠦᠶ᠎ᠡ ᠶᠢᠨ ᠴᠤᠤᠷᠢᠶ᠎ᠠ | ᠡᠨᠡ ᠬᠦ ᠲᠠᠯ᠎ᠠ ᠨᠤᠲᠤᠭ ᠠᠴᠠ ᠭᠠᠷᠴᠤ ᠢᠷᠡᠭᠰᠡᠨ ᠵᠠᠭᠤᠴᠢᠯᠠᠭᠤᠷ ᠤᠨ ᠬᠦᠮᠦᠨ ᠦᠢᠯᠡᠳᠦᠯᠭᠡ ᠪᠠᠷ | ᠭᠡᠷᠡᠴᠢᠯᠡᠭᠰᠡᠨ ᠨᠢ᠄ ᠵᠢᠩᠬᠢᠨᠢ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠨᠢ᠂ ᠪᠠᠲᠤᠬᠠᠭᠠᠯᠭ᠎ᠠ ᠶᠢᠨ ᠭᠡᠷᠡᠴᠢᠯᠡᠭᠰᠡᠨ | ᠪᠣᠯᠪᠠᠰᠤᠨ ᠤᠶᠠᠨ ᠬᠠᠳᠠᠨ ᠴᠢᠨᠠᠷ ᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠤᠯᠠᠭᠠᠨᠮᠥ᠋ᠴᠢᠷ ᠤᠨ | ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ ᠰᠡᠴᠡᠨᠲᠠᠨ᠎ᠠ ᠶᠢᠨ ᠳᠠᠭᠤᠨ ᠳᠣᠯᠭᠢᠶᠠᠨ ᠪᠣᠯᠤᠨ | ᠬᠦᠰᠢᠶᠡᠴᠢ ᠶᠢᠨ ᠦᠵᠡᠭᠳᠡᠯ ᠨᠢ ᠨᠡᠩ ᠥᠷᠭᠡᠨ ᠠᠭᠤᠳᠠᠮ ᠲᠠᠪᠴᠠᠩ ᠳᠡᠭᠡᠷ᠎ᠡ ᠴᠤᠤᠷᠢᠶᠠᠳᠤᠵᠤ ᠪᠠᠶᠢᠬᠤ ᠦᠶ᠎ᠡ ᠳᠤ᠂ | ᠪᠢᠳᠡᠨ ᠤ ᠣᠯᠵᠤ ᠰᠣᠨᠣᠰᠤᠭᠰᠠᠨ᠂ ᠣᠯᠵᠤ ᠦᠵᠡᠭᠰᠡᠨ ᠨᠢ ᠵᠥᠪᠬᠡᠨ ᠲᠡᠳᠡᠨ ᠤ ᠬᠤᠪᠢ ᠬᠥᠮᠦᠨ ᠤ ᠠᠮᠵᠢᠯᠲᠠ | ᠪᠦᠲᠦᠮᠵᠢ ᠲᠡᠳᠦᠢ ᠪᠢᠰᠢ᠂ ᠨᠡᠩ ᠴᠤ ᠨᠢᠭᠡ ᠦᠨᠳᠦᠰᠦᠲᠡᠨ ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠢᠶᠠᠷ ᠢᠶᠠᠨ | ᠳᠡᠯᠡᠬᠡᠢ ᠳ᠋ᠠᠬᠢᠨ ᠲᠠᠢ ᠶᠠᠷᠢᠯᠴᠠᠵᠤ᠂ ᠳᠡᠯᠡᠬᠡᠢ ᠳ᠋ᠠᠬᠢᠨ ᠳᠤ ᠤᠢᠢᠯᠠᠭᠠᠭᠤᠯᠤᠭᠰᠠᠨ ᠠᠮᠢᠳᠤᠯᠢᠭ ᠦᠯᠢᠭᠡᠷ ᠵᠢᠱᠢᠶ᠎ᠡ | ᠪᠣᠯᠤᠨ᠎ᠠ᠃ | ᠰᠡᠴᠡᠨᠲᠠᠨ᠎ᠠ᠂ ᠮᠣᠩᠭᠤᠯ ᠦᠨᠳᠦᠰᠦᠲᠡᠨ᠂ ᠤᠯᠤᠰ ᠤᠨ ᠨᠢᠭᠡᠳᠦᠭᠡᠷ ᠳᠡᠰ ᠤᠨ ᠨᠡᠪᠳᠡᠷᠡᠭᠦᠯᠦᠭᠴᠢ᠂ ᠪᠦᠬᠦ | ᠤᠯᠤᠰ ᠤᠨ ᠵᠠᠯᠠᠭᠤᠴᠤᠳ ᠤᠨ ᠬᠤᠯᠪᠣᠭᠠᠨ ᠤ ᠭᠡᠰᠢᠭᠦᠨ᠂ ᠭᠤᠶᠤ ᠤᠷᠠᠯᠢᠭᠴᠢ᠃ ᠲᠥᠪ ᠤᠨ ᠲᠧᠯᠸᠢᠰ ᠤᠨ | ᠬᠤᠷᠢᠶᠠᠨ ᠤ ︽ᠳᠤᠮᠳᠠᠳᠤ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠮᠡᠳᠡᠭᠡᠯᠡᠯ︾ ︽ᠠᠵᠤ ᠠᠬᠤᠢ ᠶᠢᠨ | ᠬᠠᠭᠠᠰ ᠴᠠᠭ︾ ᠤᠨ ᠨᠡᠪᠲᠡᠷᠡᠭᠦᠯᠭᠡ ᠶᠢᠨ ᠬᠥᠲᠥᠯᠦᠭᠴᠢ᠂ ᠠᠮᠧᠷᠢᠺᠠ ᠶᠢᠨ ᠬᠢᠲᠠᠳ ᠬᠡᠯᠡᠨ ᠤ ᠲᠧᠯᠸᠢᠰ ᠤᠨ ᠭᠤᠣᠯ | ᠨᠡᠪᠲᠡᠷᠡᠭᠦᠯᠦᠭᠴᠢ᠃ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠪᠠᠨ ᠴᠥᠮ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠳᠤ ᠰᠤᠷᠤᠯᠴᠠᠵᠤ᠂ ᠶᠡᠭᠡ ᠰᠤᠷᠭᠠᠭᠤᠯᠢ ᠪᠠᠨ ᠪᠡᠭᠡᠵᠢᠩ ᠤᠨ ᠷᠠᠳᠢᠣ᠋ ᠨᠡᠪᠲᠡᠷᠡᠭᠦᠯᠭᠡ ᠶᠢᠨ | ᠳᠡᠭᠡᠳᠦ ᠰᠤᠷᠭᠠᠭᠤᠯᠢ ᠶᠢᠨ ᠨᠡᠪᠲᠡᠷᠡᠭᠦᠯᠭᠡ ᠶᠢᠨ ᠰᠠᠯᠪᠤᠷᠢ ︵ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ | ᠰᠤᠷᠭᠠᠭᠤᠯᠢ︶ ᠠᠴᠠ ᠲᠡᠭᠦᠰᠴᠡᠶ᠃ ᠣᠶᠢᠷ᠎ᠠ ᠶᠢᠨ ᠵᠢᠯ ᠳᠤ ᠂ ᠳᠤᠮᠳᠠᠳᠤ ᠤᠯᠤᠰ ᠤᠨ ᠰᠤᠶᠤᠯ ᠢ ᠤᠯᠠᠮᠵᠢᠯᠠᠬᠤ ᠪᠠᠷ | ᠴᠢᠷᠮᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠪᠲᠡᠷᠡᠭᠦᠯᠭᠡ ᠪᠣᠯᠣᠨ ᠤᠩᠰᠢᠯᠭ᠎ᠠ ᠶᠢᠨ ᠤᠷᠠᠯᠢᠭ ᠤᠨ | ᠲᠤᠬᠠᠶ ᠣᠯᠠᠨ ᠤᠳᠠᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠠᠶᠢᠯᠤᠮᠵᠢ ᠡᠷᠬᠢᠯᠡᠵᠦ᠂ ᠭᠠᠳᠠᠭᠠᠳᠤ | ᠳᠣᠲᠣᠭᠠᠳᠤ ᠶᠢᠨ ᠲᠣᠭᠤᠷᠢᠨ ᠳᠤ ᠶᠠᠪᠣᠭᠳᠠᠭᠤᠯᠣᠭᠰᠠᠨ ᠵᠢᠷᠤᠭ ᠤᠨ ᠦᠵᠡᠭᠦᠯᠦᠯᠭᠡ ᠳᠤ ᠣᠯᠠᠨ ᠤᠳᠠᠭ᠎ᠠ | ᠣᠷᠣᠯᠴᠠᠵᠠᠢ᠃ ᠬᠠᠷᠠᠭᠠᠨ ᠳᠠᠪᠳᠠᠮᠵᠢ ᠶᠢᠨ ᠨᠣᠮᠧᠷ ︽ᠰᠡᠴᠡᠨᠲᠠᠨ᠎ᠠ ᠷᠠᠳᠢᠣ᠋ ᠨᠡᠪᠲᠡᠷᠡᠭᠦᠯᠭᠡ︾ ᠨᠢ ᠥᠪᠡᠷᠮᠢᠴᠡ | ᠬᠠᠷᠠᠭᠠᠰᠤ ᠪᠠ ᠬᠡᠪ ᠨᠠᠮᠪᠠ ᠪᠠᠷ ᠢᠶᠠᠨ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠠᠩᠬᠠᠷᠤᠯ ᠢ ᠲᠠᠲᠠᠪᠠ᠃ | ᠬᠦᠰᠢᠶᠡᠴᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶᠠᠨ ᠤ ᠨᠡᠷ᠎ᠡ ᠲᠥᠷᠥ ᠲᠠᠢ ᠰᠤᠷᠪᠤᠯᠵᠢᠯᠠᠭᠴᠢ᠂ ᠫᠷᠦᠭᠷᠡᠮ ᠤᠨ ᠬᠥᠲᠥᠯᠦᠭᠴᠢ ᠪᠣᠯᠤᠨ ᠺᠢᠨᠣ᠋ | ᠦᠢᠯᠡᠳᠦᠭᠴᠢ᠃ ︽ᠳᠣᠷᠣᠨᠠᠳᠠᠬᠢᠨ ᠤ ᠴᠠᠭ ᠣᠷᠣᠨ︾ ︽ᠠᠩᠬᠠᠷᠤᠯ ᠤᠨ ᠴᠡᠭ ᠤᠨ ᠰᠤᠷᠪᠤᠯᠵᠢᠯᠠᠭ᠎ᠠ︾ ᠤᠨ | ᠨᠠᠶᠢᠷᠠᠭᠤᠯᠣᠨ ᠤᠳᠤᠷᠢᠳᠤᠭᠠᠴᠢ᠂ ᠳᠡᠯᠭᠡᠴᠡ ᠳᠤ ᠭᠠᠷᠤᠭᠰᠠᠨ ᠰᠤᠷᠪᠤᠯᠵᠢᠯᠠᠭᠴᠢ᠂ ︽ᠪᠠᠷᠠᠭᠤᠨ ᠣᠷᠣᠨ ᠤ ᠰᠣᠨᠢᠨ | ᠮᠡᠳᠡᠭᠡ︾ ᠶᠢᠨ ᠺᠢᠨᠣ᠋ ᠦᠢᠯᠡᠳᠦᠭᠴᠢ᠃ ︽ᠨᠡᠶᠢᠭᠡᠮ ᠬᠢᠭᠡᠳ ᠬᠠᠤᠯᠢ︾ ᠶᠢᠨ ᠰᠤᠪᠠᠭ ᠢ ᠲᠥᠰᠦᠪᠯᠡᠨ ᠪᠡᠯᠡᠳᠬᠡᠬᠦ ᠳᠤ | ᠣᠷᠣᠯᠴᠠᠵᠤ᠂ ︽ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠮᠡᠳᠡᠭᠡᠯᠡᠯ︾ ᠤᠨ ᠪᠣᠯᠣᠩ ᠢ ᠡᠭᠦᠳᠦᠨ ᠪᠠᠶᠢᠭᠤᠯᠵᠤ | ᠂ ᠣᠨᠴᠠᠭᠠᠶᠢᠯᠠᠨ ︽ᠠᠮᠤᠷ ᠠᠮᠤᠭᠤᠯᠠᠩ ᠳᠤᠮᠳᠠᠳᠤ ᠤᠯᠤᠰ︾ ᠤᠨ ᠫᠷᠦᠭᠷᠡᠮ ᠤᠨ ᠶᠡᠷᠦᠩᠬᠡᠶ ᠨᠠᠶᠢᠷᠠᠭᠤᠯᠤᠨ | ᠤᠳᠤᠷᠢᠳᠤᠭᠠᠴᠢ ᠪᠣᠯᠣᠨ᠎ᠠ᠃ 2005 ᠣᠨ ᠠᠴᠠ ᠣᠳᠣ ᠪᠣᠯᠲᠠᠯ᠎ᠠ ᠲᠥᠪ ᠲᠧᠯᠸᠢᠰ ᠤᠨ ᠬᠠᠤᠯᠢ ᠪᠠᠷ ᠵᠠᠰᠠᠬᠤ | ᠪᠤᠯᠤᠩ ᠤᠨ ᠬᠠᠷᠢᠭᠤᠴᠠᠯᠭᠠᠲᠠᠨ ᠪᠣᠯᠣᠨ᠎ᠠ᠃ ᠳᠤᠮᠳᠠᠳᠤ ᠤᠯᠤᠰ ᠤᠨ ᠲᠧᠯᠸᠢᠰ ᠤᠨ ᠨᠢᠭᠡᠳᠦᠭᠡᠷ ᠳᠡᠰ ᠤᠨ ᠱᠠᠩᠨᠠᠯ ᠢ | ᠬᠦᠷᠲᠡᠨ ᠦᠩᠭᠡᠷᠡᠵᠦ᠂ ︽ᠥᠭᠡᠷᠡᠴᠢᠯᠡᠯᠲᠡ ᠨᠡᠭᠡᠭᠡᠯᠲᠡ ᠶᠢᠨ ᠭᠤᠴᠢᠨ ᠵᠢᠯ︾᠂ ︽ᠤᠯᠤᠰ ᠪᠠᠶᠢᠭᠤᠯᠤᠭᠳᠠᠭᠰᠠᠨ | ᠵᠢᠷᠠᠨ ᠵᠢᠯ︾ ᠵᠡᠷᠭᠡ ᠳᠤᠮᠳᠠᠳᠤ ᠤᠯᠤᠰ ᠤᠨ ᠲᠧᠯᠸᠢᠰ ᠤᠨ ᠪᠠᠷᠢᠮᠲᠠᠲᠤ ᠹᠢᠯᠢᠮ ᠤᠨ ᠴᠤᠪᠤᠷᠠᠯ ᠨᠡᠪᠲᠡᠷᠡᠭᠦᠯᠭᠡ ᠶᠢ | ᠬᠦᠷᠲᠡᠵᠡᠶ᠃ ᠲᠡᠭᠦᠨ ᠤ ᠤᠯᠠᠨ ᠬᠤᠭᠤᠴᠠᠭᠠᠨ ᠤ ᠫᠷᠣᠭ᠍ᠷᠠᠮ ᠨᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ | ᠰᠤᠷᠭᠠᠭᠤᠯᠢ ᠶᠢᠨ ᠠᠰᠫᠢᠷᠠᠨᠲ ᠤᠨ ᠵᠢᠭᠠᠨ ᠰᠤᠷᠭᠠᠯᠲᠠ ᠶᠢᠨ ᠦᠯᠢᠭᠡᠷ ᠵᠢᠱᠢᠶ᠎ᠡ ᠪᠤᠯᠵᠤ᠂ ᠢᠯᠠᠩᠭᠤᠶ᠎ᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢᠨ ᠲᠠᠯ᠎ᠠ ᠪᠠᠷ ᠬᠢ ᠮᠡᠳᠡᠭᠡᠯᠡᠯ ᠳᠤ ᠴᠢᠬᠤᠯᠠ ᠶᠡᠭᠡ ᠨᠡᠶᠢᠭᠡᠮ ᠤᠨ ᠨᠥᠯᠥᠭᠡ ᠦᠵᠡᠭᠦᠯᠵᠦ᠂ | ᠳᠤᠮᠳᠠᠳᠤ ᠤᠯᠤᠰ ᠤᠨ ᠬᠠᠤᠯᠢᠵᠢᠯ ᠤᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠵᠡᠢ᠃ ᠣᠯᠠᠨ ᠵᠢᠯ ᠤᠨ | ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠦ ᠪᠦᠲᠦᠭᠡᠨ ᠪᠠᠶᠢᠭᠤᠯᠤᠯᠲᠠ ᠳᠤ ᠣᠯᠠᠨ | ᠲᠤᠰᠬᠠᠢ ᠰᠡᠳᠦᠪᠲᠦ ᠮᠡᠳᠡᠭᠡᠯᠡᠯ ᠬᠢᠵᠦ ᠥᠭᠴᠡᠢ᠃ ᠡᠭᠦᠨ ᠳᠤ᠂ ᠳᠠᠷᠬᠠᠨ ᠮᠤᠤᠮᠢᠩᠭᠠᠨ ᠬᠤᠯᠪᠤᠭᠠᠲᠣ ᠬᠤᠰᠢᠭᠤᠨ ᠤ | ᠮᠠᠯᠴᠢᠨ ᠲᠠᠷᠢᠶᠠᠴᠢᠨ ᠴᠠᠷᠴᠠᠬᠠᠶ ᠶᠢᠨ ᠭᠠᠮᠰᠢᠭ ᠲᠤ ᠤᠴᠠᠷᠠᠭᠰᠠᠨ ᠤ ᠳᠠᠷᠠᠭ᠎ᠠ᠂ ᠲᠡᠷᠡ ᠰᠤᠷᠪᠤᠯᠵᠢᠯᠠᠭᠴᠢ ᠶᠢ | ᠳᠠᠭᠠᠭᠤᠯᠤᠨ ᠰᠢᠷᠢᠰ ᠮᠡᠳᠡᠭᠡᠯᠡᠯ ᠵᠣᠬᠢᠶᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠸᠧᠨ | ᠵᠢᠶᠠ ᠪᠤᠤ ᠪᠣᠯᠤᠨ ᠳᠡᠳ᠋ ᠶᠡᠷᠦᠩᠬᠡᠶ ᠰᠠᠶᠢᠳ ᠾᠦᠢ ᠯᠢᠶᠠᠩ ᠢᠦᠶ ᠶᠢᠨ ᠳᠡᠭᠡᠳᠦ ᠬᠡᠮᠵᠢᠶᠡᠨ ᠤ ᠠᠩᠬᠠᠷᠣᠯ ᠢ | ᠲᠠᠲᠠᠵᠤ᠂ ᠭᠠᠮᠰᠢᠭᠳᠠᠭᠰᠠᠨ ᠣᠷᠣᠨ ᠳᠤ ᠭᠠᠮᠰᠢᠭ ᠠᠴᠠ ᠠᠪᠤᠷᠠᠬᠤ ᠪᠠ ᠣᠷᠴᠢᠨ ᠲᠣᠭᠤᠷᠢᠨ ᠢ ᠵᠠᠰᠠᠬᠤ ᠪᠡᠯᠡ | ᠮᠥᠩᠭᠦ ᠶᠢᠨ ᠳᠡᠮᠵᠢᠯᠭᠡ ᠶᠢ ᠣᠯᠭᠤᠵᠤ ᠦᠭᠭᠦᠭᠰᠡᠨ ᠪᠠᠶᠢᠨ᠎ᠠ᠃ | |