4 ᠰᠠᠷ᠎ᠠ ᠶᠢᠨ ᠬᠠᠪᠤᠷ ᠤᠨ ᠤᠷᠢᠬᠠᠨ ᠰᠠᠯᠬᠢ ᠬᠦᠰᠡᠯ ᠡᠷᠡᠮᠡᠯᠵᠡᠯ ᠪᠠ ᠬᠠᠶᠢᠷ᠎ᠠ ᠬᠠᠯᠠᠮᠵᠢ ᠶᠢ ᠠᠪᠴᠢᠷᠠᠨ᠎ᠠ᠃ | 4 ᠰᠠᠷ᠎ᠠ ᠶᠢᠨ 16 ᠤ ᠡᠳᠦᠷ᠂ ︽ᠵᠠᠯᠠᠭᠤ ᠨᠠᠰᠤᠨ ᠤ ᠠᠨᠳᠠ ᠨᠠᠶᠢᠵᠠ ᠬᠠᠨᠢ ᠪᠤᠯᠤᠯᠴᠠᠶᠠ︾ ᠪᠠᠷ ᠭᠤᠣᠯ ᠰᠡᠳᠦᠪ | ᠪᠣᠯᠭᠠᠭᠰᠠᠨ ᠨᠠᠶᠢᠵᠠᠯᠠᠬᠤ ᠠᠵᠢᠯᠯᠠᠭ᠎ᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠲᠠ ᠶᠢᠨ | ᠳᠤᠮᠳᠠᠳᠤ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ | ᠪᠠᠶᠢᠭᠤᠯᠭ᠎ᠠ ᠨᠢᠭᠡᠴᠡ ᠶᠢᠨ ᠵᠠᠯᠠᠭᠤ ᠺᠠᠳ᠋ᠷ ᠠᠵᠢᠯᠳᠠᠨ ᠠᠵᠢᠯᠴᠢᠨ ᠰᠠᠶᠢᠨ ᠲᠤᠷᠠᠴᠤᠳ ᠪᠣᠯᠤᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ︽ᠦᠰᠦᠨ | ᠪᠤᠶᠢᠵᠢᠯᠲᠠ ᠶᠢᠨ ᠬᠠᠨᠢ︾ ᠪᠣᠯᠵᠣ᠂ ᠮᠡᠳᠡᠯᠭᠡ ᠪᠠᠷ ᠬᠠᠯᠠᠭᠤᠨ ᠰᠡᠳᠬᠢᠯᠭᠡ ᠪᠠᠨ ᠳᠠᠮᠵᠢᠭᠤᠯᠵᠤ᠂ ᠬᠠᠨᠢ ᠨᠠᠶᠢᠵᠠ | ᠪᠤᠯᠵᠤ ᠢᠷᠡᠭᠡᠳᠦᠶ ᠶᠢ ᠭᠡᠷᠡᠯᠳᠦᠬᠦᠯᠪᠡ᠃ | ︽ᠵᠠᠯᠠᠭᠤ ᠨᠠᠰᠤᠨ ᠤ ᠠᠨᠳᠠ ᠨᠠᠶᠢᠵᠠ ᠬᠠᠨᠢ ᠪᠤᠯᠤᠯᠴᠠᠶᠠ︾ ᠠᠵᠢᠯᠯᠠᠭ᠎ᠠ ᠨᠢ ᠥᠷᠭᠡᠨ ᠤᠯᠠᠨ ᠵᠠᠯᠠᠭᠤ | ᠺᠠᠳ᠋ᠷ ᠠᠵᠢᠯᠳᠠᠨ ᠠᠵᠢᠯᠴᠢᠨ ᠨᠢ ᠰᠤᠷᠤᠭᠴᠢᠳ ᠲᠠᠢ ᠬᠠᠷᠢᠯᠴᠠᠭᠠᠨ ᠤ ᠬᠥᠭᠦᠷᠭᠡ ᠬᠤᠯᠪᠣᠭᠠᠰᠤ ᠪᠠᠶᠢᠭᠤᠯᠵᠤ᠂ | ᠤᠯᠠᠨ ᠢᠶᠠᠷ ᠢᠶᠠᠨ ᠨᠢᠭᠳᠠ ᠬᠠᠷᠢᠯᠴᠠᠭ᠎ᠠ ᠪᠠᠶᠢᠭᠤᠯᠤᠨ᠂ ᠠᠨᠳᠠ ᠨᠠᠶᠢᠵᠠ ᠬᠠᠨᠢ ᠪᠤᠯᠤᠯᠴᠠᠨ ᠰᠤᠷᠤᠭᠴᠢᠳ ᠤᠨ | ᠦᠰᠦᠨ ᠪᠤᠶᠢᠵᠢᠬᠤ ᠵᠠᠮ ᠢᠶᠠᠷ ᠡᠷᠡᠰ ᠤᠷᠤᠭᠰᠢᠯᠠᠬᠤ ᠳᠤ ᠬᠦᠴᠦᠨ ᠨᠡᠮᠡᠷᠢᠯᠡᠬᠦ ᠪᠠᠷ ᠵᠤᠷᠢᠯᠭ᠎ᠠ ᠪᠤᠯᠭᠠᠭᠰᠠᠨ | ᠨᠡᠶᠢᠳᠡ ᠶᠢᠨ ᠠᠰᠠᠷᠠᠮᠵᠢ ᠶᠢᠨ ᠲᠦᠷᠦᠯ ᠵᠦᠢᠯ ᠪᠤᠯᠤᠨ᠎ᠠ ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠠᠨᠳᠠ ᠨᠠᠶᠢᠵᠠ ᠬᠠᠨᠢ ᠪᠤᠯᠤᠯᠴᠠᠭᠰᠠᠨ ᠵᠠᠯᠠᠭᠤ ᠨᠠᠶᠢᠵᠠ ᠨᠠᠷ ︽ | ᠨᠠᠶᠢᠵᠠᠯᠠᠬᠤ ᠺᠠᠷᠲ︾ ᠪᠠᠨ ᠬᠠᠷᠢᠯᠴᠠᠨ ᠰᠣᠯᠢᠯᠴᠠᠵᠤ᠂ ᠠᠨᠳᠠ ᠨᠠᠶᠢᠵᠠ ᠬᠠᠨᠢ ᠪᠤᠯᠤᠯᠴᠠᠬᠤ ᠲᠥᠯᠥᠪᠯᠡᠭᠡ ᠶᠢ | ᠶᠠᠷᠢᠯᠴᠠᠪᠠ︔ ᠵᠠᠯᠠᠭᠤ ᠺᠠᠳ᠋ᠷ ᠠᠵᠢᠯᠲᠠᠨ ᠠᠵᠢᠯᠴᠢᠨ ᠪᠣᠯᠤᠨ ᠠᠩᠭᠢ ᠶᠢᠨ ᠡᠷᠬᠢᠯᠡᠭᠴᠢ᠂ ᠰᠡᠳᠬᠢᠴᠡ ᠶᠢᠨ | ᠪᠠᠭᠰᠢ ᠲᠠᠢ ᠬᠤᠯᠪᠣᠭ᠎ᠠ ᠠᠪᠴᠤ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠰᠤᠷᠤᠭᠴᠢᠳ ᠤᠨ ᠪᠠᠶᠢᠳᠠᠯ ᠢ | ᠣᠶᠢᠯᠠᠭᠠᠪᠠ︔ ᠰᠤᠷᠤᠭᠴᠢᠳ ᠦᠪᠡᠷ ᠤᠨ ᠠᠨᠳᠠ ᠨᠠᠶᠢᠵᠠ ᠬᠠᠨᠢ ᠪᠤᠯᠤᠯᠴᠠᠭᠰᠠᠨ ᠵᠠᠯᠠᠭᠤ ᠺᠠᠳ᠋ᠷ ᠠᠵᠢᠯᠲᠠᠨ ᠢᠶᠠᠨ | ᠳᠠᠭᠠᠭᠤᠯᠤᠨ ᠰᠤᠷᠭᠠᠭᠤᠯᠢ ᠶᠢᠨ ᠬᠦᠷᠢᠶ᠎ᠡ ᠶᠢ ᠲᠣᠭᠤᠷᠢᠨ ᠦᠵᠡᠬᠦᠯᠵᠦ᠂ ᠲᠡᠳᠡᠨ ᠳᠤ ᠥᠪᠡᠷ ᠤᠨ ᠰᠤᠷᠤᠯᠴᠠᠬᠤ | ᠣᠷᠴᠢᠨ ᠲᠣᠭᠤᠷᠢᠨ ᠢᠶᠠᠨ ᠲᠠᠨᠢᠯᠴᠠᠭᠤᠯᠵᠤ᠂ ᠬᠠᠶᠢᠷ᠎ᠠ ᠶᠢᠨ ᠬᠦᠴᠦᠨ ᠢᠶᠠᠨ ᠲᠠᠮᠵᠢᠭᠤᠯᠬᠤ ᠲᠤᠰᠤᠯᠲᠠ ᠠᠳᠡ | ᠠᠴᠠ ᠨᠡᠭᠡᠭᠡᠭᠳᠡᠵᠠᠢ᠃ | ᠵᠠᠯᠠᠭᠤ ᠺᠠᠳ᠋ᠷ ᠠᠵᠢᠯᠲᠠᠨ ᠯᠢ ᠽᠦᠩ ᠢᠤᠢ᠄ ︽ᠡᠨᠡ ᠨᠢ ᠨᠢᠭᠡ ᠤᠳᠠᠭᠠᠨ ᠤ ᠨᠠᠶᠢᠵᠠᠯᠠᠬᠤ ᠠᠵᠢᠯᠯᠠᠭ᠎ᠠ | ᠪᠣᠯᠬᠤ ᠪᠠᠷ ᠪᠠᠷᠠᠬᠤ ᠥᠬᠡᠶ᠂ ᠨᠠᠩ ᠴᠤ ᠬᠠᠯᠠᠭᠤᠨ ᠳᠤᠯᠠᠭᠠᠨ ᠪᠠ ᠬᠦᠴᠦᠨ ᠴᠢᠳᠠᠯ ᠢᠶᠠᠷ ᠪᠢᠯᠬᠠᠭᠰᠠᠨ ᠣᠶᠤᠨ | ᠰᠠᠨᠠᠭᠠᠨ ᠤ ᠠᠭᠤᠰᠤᠯᠴᠠᠯ ᠪᠣᠯᠤᠨ᠎ᠠ᠃ ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠲᠡᠳᠡᠨ ᠤ ᠰᠡᠳᠬᠢᠯ ᠳᠤ | ᠬᠦᠰᠡᠯ ᠡᠷᠡᠮᠡᠯᠵᠡᠯ ᠤᠷᠭᠤᠭᠤᠯᠬᠤ ᠶᠢ ᠬᠦᠰᠡᠵᠦ ᠪᠠᠶᠢᠨ᠎ᠠ᠂ ᠪᠢ ᠴᠤ ᠥᠪᠡᠷ ᠤᠨ ᠬᠦᠴᠦ ᠪᠠᠷ ᠢᠶᠠᠨ ᠬᠡᠦᠬᠡᠳ ᠤᠨ | ᠦᠰᠦᠨ ᠪᠤᠶᠢᠵᠢᠯᠲᠠ ᠶᠢᠨ ᠵᠠᠮ ᠢ ᠭᠡᠷᠡᠯᠲᠦᠭᠦᠯᠦᠨ᠎ᠡ︾ ᠭᠡᠵᠦ ᠬᠡᠯᠡᠪᠡ᠃ |