ᠵᠢᠶᠠ ᠪᠦᠦ ᠯᠢᠶᠠᠩ ᠳᠠᠷᠬᠠᠨ ᠰᠤᠮᠤ ᠵᠢᠴᠢ  ︽ᠲᠣᠰᠬᠤᠨ ᠤ ᠰᠢᠭᠰᠢᠶ᠎ᠡ︾ ᠮᠣᠷᠢᠨ ᠤᠷᠤᠯᠳᠤᠭᠠᠨ ᠤ  ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/18
      4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠳᠠᠷᠬᠠᠨ ᠰᠤᠮᠤ ᠵᠢᠴᠢ ︽ᠲᠣᠰᠬᠤᠨ ᠤ ᠰᠢᠭᠰᠢᠶ᠎ᠡ︾ ᠮᠣᠷᠢᠨ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃      ᠵᠢᠶᠠ ᠪᠦᠦ ᠯᠢᠶᠠᠩ ᠤᠷᠢᠳ ᠬᠤᠵᠢᠳ ᠳᠠᠷᠬᠠᠨ ᠰᠤᠮᠤ ᠶᠢᠨ ᠮᠠᠯᠴᠢᠨ ᠠᠶᠢᠯ ᠳᠤ ᠬᠦᠷᠴᠦ ᠴᠤᠬᠤᠷ ᠠᠳᠤᠭᠤ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠵᠢᠴᠢ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠲᠥᠷᠥᠯ ᠵᠦᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠨᠠᠭᠠᠳᠤᠮ ᠤᠨ ᠬᠤᠷᠠᠯ ᠤᠨ ᠲᠠᠯᠠᠪᠠᠶ ᠳᠤ ᠭᠦᠨᠵᠡᠭᠡᠶᠢᠷᠡᠨ ︽ᠲᠣᠰᠬᠤᠨ ᠤ ᠰᠢᠭᠰᠢᠶ᠎ᠡ︾ ᠮᠣᠷᠢᠨ ᠤᠷᠤᠯᠳᠤᠭᠠᠨ ᠤ ᠪᠡᠯᠡᠳᠬᠡᠯ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠵᠢᠶᠠ ᠪᠦᠦ ᠯᠢᠶᠠᠩ ᠬᠡᠯᠡᠭᠰᠡᠨ ᠨᠢ᠂  ᠴᠤᠬᠤᠷ ᠠᠳᠤᠭᠤ ᠲᠡᠵᠢᠭᠡᠨ ᠦᠷᠡᠵᠢᠭᠦᠯᠬᠦ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠬᠤ ᠬᠡᠷᠡᠭᠲᠡᠢ᠃ ᠲᠣᠰ ᠭᠠᠵᠠᠷ ᠤᠨ ᠣᠨᠴᠠᠯᠢᠭ ᠲᠠᠭᠠᠨ ᠲᠦᠰᠢᠭᠯᠡᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠨ᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾᠂ ᠤᠶᠤᠨᠲᠤ ᠮᠠᠯᠵᠢᠯ ᠤᠨ ᠲᠠᠯᠠᠪᠠᠶ᠂ ᠡᠪᠡᠰᠦᠨ ᠤ ᠪᠢᠯᠧᠲ ᠥᠭᠬᠦ ᠲᠦᠷᠢᠮ ᠵᠡᠷᠭᠡ ᠪᠠᠷ ᠳᠠᠮᠵᠢᠭᠤᠯᠤᠨ ᠮᠠᠯ ᠪᠡᠯᠴᠢᠭᠡᠷ ᠤᠨ ᠲᠡᠩᠴᠡᠭᠦᠷᠢ ᠶᠢᠨ ᠲᠠᠷᠬᠠᠨ ᠮᠤᠤᠮᠢᠩᠭᠠᠨ ᠦᠯᠢᠭᠡᠷ ᠳᠠᠭᠤᠷᠢᠶᠠᠯ ᠢ ᠡᠭᠦᠳᠴᠦ᠂ ᠨᠤᠲᠤᠭ ᠪᠡᠯᠴᠢᠭᠡᠷ ᠢ ᠡᠪᠳᠡᠬᠦ ᠥᠬᠡᠶ᠂ ᠮᠠᠯᠴᠢᠳ ᠤᠨ ᠤᠷᠤᠯᠭ᠎ᠠ ᠶᠢ ᠬᠠᠰᠤᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠳᠣᠪᠤᠶᠢᠯᠭᠠᠵᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂  ︽ᠲᠣᠰᠬᠤᠨ ᠤ  ᠰᠢᠭᠰᠢᠶ᠎ᠡ︾ ᠮᠣᠷᠢᠨ ᠤᠷᠤᠯᠳᠤᠭᠠᠨ ᠢ ᠲᠥᠰᠦᠪᠯᠡᠨ ᠪᠣᠭᠤᠳᠠᠯᠯᠠᠬᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ᠂ ᠠᠯᠤᠰ ᠬᠡᠲᠦ  ᠶᠢᠨ ᠬᠠᠷᠠᠯᠳᠠ ᠶᠢ ᠲᠥᠯᠥᠪᠵᠢᠭᠦᠯᠬᠦ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠭᠤᠤ ᠹᠸᠢ᠂ ᠺᠠᠩ ᠴᠢᠩ᠂ ᠶᠠᠨ ᠴᠦᠨ ᠯᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠨᠤᠭᠤᠳ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号