4 ᠰᠠᠷ᠎ᠠ ᠶᠢᠨ 20 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ | ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ 2025 ᠣᠨ ᠤ ᠠᠩᠬᠠᠳᠠᠭᠴᠢ ᠲᠠᠯᠠᠪᠠᠢ ︽ | ᠲᠤᠰᠬᠤᠨ ᠤ ᠰᠢᠭᠰᠢᠶ᠎ᠡ︾ ᠮᠤᠷᠢᠨ ᠤᠷᠤᠯᠳᠤᠭᠠᠨ ᠢ ᠡᠷᠬᠢᠯᠡᠬᠦ ᠪᠠᠷ ᠪᠠᠶᠢᠨ᠎ᠠ᠃ ᠪᠥᠬᠦ ᠬᠤᠰᠢᠭᠤᠨ ᠤ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠲᠣ ︽ | ᠤᠮᠠᠷᠠᠳᠤ ᠶᠢᠨ ᠠᠶᠠᠯᠠᠯ ᠦᠵᠡᠰᠬᠦᠯᠡᠩᠳᠦ ᠲᠠᠷᠬᠠᠨ ᠮᠤᠤᠮᠢᠩᠭᠠᠨ᠂ ᠮᠢᠨᠦ ᠬᠠᠷᠠᠭᠠᠨ ᠳᠠᠬᠢ ︿ᠲᠤᠰᠬᠤᠨ ᠤ ᠰᠢᠭᠰᠢᠶ᠎ᠡ﹀ | ᠮᠤᠷᠢᠨ ᠤᠷᠤᠯᠳᠤᠭᠠᠨ︾ ᠭᠡᠬᠦ ᠭᠤᠤᠯ ᠰᠡᠳᠦᠪᠲᠦ ᠣᠬᠤᠷ ᠸᠢᠳᠢᠤ᠋ ᠶᠢᠨ ᠤᠷᠤᠯᠳᠤᠭᠠᠨ ᠤ ᠠᠵᠢᠯᠯᠠᠭ᠎ᠠ ᠶᠢ | ᠡᠷᠭᠢᠯᠡᠬᠦ ᠪᠠᠷ ᠲᠣᠭᠲᠠᠪᠠ᠃ | ᠨᠢᠭᠡ᠂ ᠤᠷᠤᠯᠳᠤᠭᠠᠨ ᠤ ᠠᠭᠤᠯᠭ᠎ᠠ | ︿ᠲᠤᠰᠬᠤᠨ ᠤ ᠰᠢᠭᠰᠢᠶ᠎ᠡ﹀ ᠮᠤᠷᠢᠨ ᠤᠷᠤᠯᠳᠤᠭᠠᠨ ᠤ ᠭᠤᠣᠯ ᠰᠡᠳᠦᠪ ᠤᠨ ᠲᠣᠭᠤᠷᠢᠨ ᠳᠤ | ᠤᠷᠤᠯᠳᠤᠭᠠᠨ ᠠᠴᠠ ᠡᠮᠦᠨᠡᠬᠢ ᠪᠤᠶᠤ ᠤᠷᠤᠯᠳᠤᠭᠠᠨ ᠤ ᠲᠤᠮᠳᠠᠬᠢ ᠣᠬᠤᠷ ᠸᠢᠳᠢᠤ᠋ ᠶᠢᠨ ᠪᠦᠲᠦᠭᠡᠯ ᠢᠶᠠᠷ ᠳᠠᠮᠵᠢᠨ | ᠣᠯᠠᠨ ᠲᠦᠮᠡᠨ ᠤ ᠳᠦᠷᠰᠦ ᠰᠢᠩᠭᠡᠭᠡᠬᠦ ᠠᠪᠢᠶᠠᠰ ᠴᠢᠳᠠᠪᠤᠷᠢ ᠪᠠᠨ ᠢᠯᠡᠷᠡᠭᠦᠯᠬᠦ ᠶᠢ ᠵᠣᠷᠢᠭᠵᠢᠭᠤᠯᠤᠨ᠎ᠠ | ᠠᠮᠢᠳᠤᠷᠠᠯ ᠤᠨ ᠳᠠᠮᠵᠢᠭᠤᠯᠭ᠎ᠠ ᠶᠢᠨ ᠵᠦᠪ ᠡᠨᠧᠷᠺᠢ ᠢ ᠬᠤᠪᠢᠶᠠᠯᠴᠠᠨ᠎ᠠ | ᠲᠠᠷᠬᠠᠨ ᠮᠤᠤᠮᠢᠩᠭᠠᠨ ᠤ ᠰᠠᠶᠢᠨ ᠦᠯᠢᠭᠡᠷ ᠢ ᠶᠠᠷᠢᠬᠤ | ᠳᠠᠷᠬᠠᠨ ᠮᠤᠤᠮᠢᠩᠭᠠᠨ ᠤ ᠳᠠᠭᠤᠨ ᠢ ᠲᠠᠮᠵᠢᠭᠤᠯᠤᠨ ᠤᠯᠠᠮᠵᠢᠯᠠᠨ᠎ᠠ | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠨᠥᠯᠥᠭᠡᠯᠡᠬᠦ | ᠬᠦᠴᠦᠨ ᠪᠠ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ | ᠬᠤᠶᠠᠷ᠂ ᠤᠷᠤᠯᠳᠤᠭᠠᠨ ᠤ ᠴᠠᠭ | ᠪᠦᠲᠦᠭᠡᠯ ᠨᠡᠶᠢᠳᠡᠯᠡᠬᠦ᠄ 4 ᠰᠠᠷ᠎ᠠ ᠶᠢᠨ 17 ᠤ ᠡᠳᠦᠷ ᠠᠴᠠ 4 ᠰᠠᠷ᠎ᠠ ᠶᠢᠨ 21 ᠤ ᠡᠳᠦᠷ | ᠪᠦᠲᠦᠭᠡᠯ ᠤᠨ ᠰᠢᠯᠭᠠᠷᠠᠭᠤᠯᠤᠯᠲᠠ᠄ 4 ᠰᠠᠷ᠎ᠠ ᠶᠢᠨ 23 ᠤ ᠡᠳᠦᠷ ᠠᠴᠠ 4 ᠳ᠋ᠤᠭᠡᠷ ᠰᠠᠷ᠎ᠠ ᠶᠢᠨ 30 ᠤ ᠡᠳᠦᠷ | ᠭᠤᠷᠪᠠ᠂ ᠤᠷᠤᠯᠳᠤᠭᠠᠨ ᠳᠤ ᠣᠷᠣᠯᠴᠠᠬᠤ ᠱᠠᠭᠠᠷᠳᠠᠯᠭ᠎ᠠ | ︵ᠨᠢᠭᠡ︶ ᠤᠷᠤᠯᠳᠤᠭᠠᠨ ᠳᠤ ᠣᠷᠣᠯᠴᠠᠭᠴᠢ | ᠣᠬᠤᠷ ᠸᠢᠳᠢᠤ᠋ ᠶᠢᠨ ᠰᠣᠨᠢᠷᠬᠠᠭᠴᠢᠳ ︵ᠭᠠᠵᠠᠷ ᠣᠷᠣᠨ᠂ ᠬᠤᠪᠢ ᠬᠥᠮᠦᠨ᠂ ᠪᠦᠯᠬᠦᠮ ᠨᠡᠶᠢᠲᠡ ᠴᠥᠮ | ᠤᠷᠤᠯᠳᠤᠭᠠᠨ ᠳᠤ ᠣᠷᠣᠯᠴᠠᠵᠤ ᠪᠣᠯᠣᠨ᠎ᠠ︶ | ︵ᠬᠤᠶᠠᠷ︶ ᠤᠷᠤᠯᠳᠤᠭᠠᠨ ᠳᠤ ᠤᠷᠤᠯᠴᠠᠬᠤ ᠬᠡᠯᠪᠡᠷᠢ ᠵᠢᠴᠢ ᠪᠦᠲᠦᠭᠡᠯ ᠤᠨ ᠱᠠᠭᠠᠷᠳᠠᠯᠭ᠎ᠠ | 1. ᠣᠬᠤᠷ ᠸᠢᠳᠢᠤ᠋ ᠶᠢᠨ ᠴᠠᠭ ᠨᠢ 2 ᠮᠢᠨᠦ᠋ᠲ ᠤᠨ ᠳᠣᠲᠣᠷ᠎ᠠ᠂ ᠸᠢᠳᠢᠣ᠋ ᠶᠢᠨ ᠭᠤᠤᠯ ᠵᠣᠷᠢᠯᠲᠠ ᠶᠢᠨ | ᠠᠭᠤᠯᠭ᠎ᠠ ᠶᠢ ᠲᠣᠳᠣᠷᠬᠠᠶ ᠢᠯᠡᠳᠬᠡᠵᠦ᠂ ᠰᠡᠳᠬᠢᠮᠵᠢ ᠨᠢ ᠦᠪᠡᠷᠮᠢᠴᠡ ᠤᠨᠴᠠᠯᠢᠭ ᠲᠠᠢ ᠰᠢᠨ᠎ᠡ ᠰᠡᠪᠡᠬᠦᠨ | ᠪᠠᠶᠢᠵᠤ᠂ ᠤᠷᠤᠰᠤᠮ᠎ᠠ ᠰᠠᠶᠢᠬᠠᠨ ᠢᠯᠡᠳᠬᠡᠨ᠂ ᠦᠵᠡᠵᠦ ᠪᠣᠯᠬᠤᠶᠢᠴᠠ ᠴᠢᠨᠠᠷ ᠢᠶᠠᠷ ᠴᠢᠩᠭ᠎ᠠ᠂ ᠤᠷᠠᠯᠢᠭ ᠤᠨ | ᠢᠯᠡᠷᠡᠭᠦᠯᠬᠦ ᠠᠷᠭ᠎ᠠ ᠪᠠᠷᠢᠯ ᠨᠢ ᠣᠯᠠᠨ ᠶᠠᠩᠵᠤ ᠶᠢᠨ ᠪᠠᠶᠢᠬᠤ ᠶᠢ ᠰᠠᠨᠠᠭᠠᠴᠢᠯᠠᠨ᠎ᠠ᠃ ᠤᠷᠤᠯᠳᠤᠭᠠᠨ ᠳᠤ | ᠤᠷᠤᠯᠴᠠᠭᠰᠠᠨ ᠪᠦᠲᠦᠭᠡᠯ ᠨᠢ ᠣᠬᠤᠷ ᠸᠢᠳᠢᠤ᠋ ᠶᠢᠨ ᠤᠨᠴᠠ ᠲᠤᠳᠤ ᠵᠢᠷᠤᠭ ᠲᠠᠢ᠂ MP4 ᠬᠡᠯᠪᠡᠷᠢ ᠲᠠᠢ᠂ | ᠢᠯᠭᠠᠮᠵᠢ ᠨᠢ 1920 × 1080 ᠪᠠᠶᠢᠬᠤ ᠬᠡᠷᠡᠭᠳᠠᠢ᠃ | 2. ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠲᠣᠰ ᠤᠳᠠᠭᠠᠨ ᠤ ︿ᠲᠤᠰᠬᠤᠨ ᠤ ᠰᠢᠭᠰᠢᠶ᠎ᠡ﹀ ᠮᠤᠷᠢᠨ | ᠤᠷᠤᠯᠳᠤᠭᠠᠨ ᠤ ᠭᠤᠤᠯ ᠰᠡᠳᠦᠪ ᠤᠨ ᠲᠤᠭᠤᠷᠢᠨ ᠳᠤ᠂ ᠡᠷᠡᠭᠦᠯ ᠥᠭᠡᠳᠡᠷᠬᠡᠭ ᠪᠠᠶᠢᠵᠤ᠂ ᠠᠭᠤᠯᠭ᠎ᠠ ᠨᠢ ᠰᠢᠨ᠎ᠡ | ᠰᠣᠷᠭᠤᠭ᠂ ᠠᠮᠢᠳᠤᠯᠢᠭ᠂ ᠢᠯᠡᠳᠬᠡᠬᠦ ᠠᠷᠭ᠎ᠠ ᠮᠠᠶ᠋ᠢᠭ ᠨᠢ ᠠᠮᠢᠳᠤᠯᠢᠭ ᠪᠥᠭᠡᠳ ᠣᠯᠠᠨ ᠶᠠᠩᠵᠤ ᠶᠢᠨ ᠪᠠᠶᠢᠵᠤ᠂ | ᠪᠦᠲᠦᠭᠡᠯᠴᠢ ᠤᠬᠠᠭᠤᠯᠭ᠎ᠠ ᠶᠢᠨ ᠹᠢᠯᠢᠮ᠂ ᠪᠡᠯᠡᠨ ᠶᠠᠷᠢᠶᠠᠨ ᠤ ᠦᠵᠡᠭᠦᠯᠦᠯᠭᠡ᠂ VLOG᠂ ᠪᠢᠴᠢᠯ ᠣᠬᠤᠷ | ᠵᠦᠴᠦᠭᠡ᠂ ᠦᠪᠡᠷ ᠤᠨ ᠪᠦᠳᠦᠭᠡᠭᠰᠡᠨ ᠳᠠᠭᠤᠤ ᠬᠥᠭᠵᠢᠮ᠂ ᠳᠠᠭᠤᠤ ᠪᠥᠵᠢᠭ ᠵᠡᠷᠭᠡ ᠶᠢᠨ ᠢᠯᠡᠷᠡᠬᠦ ᠬᠡᠯᠪᠡᠷᠢ ᠶᠢ | ᠵᠣᠷᠢᠭᠵᠢᠭᠤᠯᠵᠤ᠂ ᠲᠠᠭᠤ ᠵᠢᠷᠤᠭ᠂ ᠨᠠᠶᠢᠷᠠᠭᠤᠯᠬᠤ᠂ ᠣᠨᠴᠠ ᠦᠷ᠎ᠡ ᠪᠦᠲᠦᠮᠵᠢ ᠵᠡᠷᠭᠡ ᠮᠡᠷᠭᠡᠵᠢᠯ ᠤᠨ ᠠᠷᠭ᠎ᠠ | ᠪᠠᠷᠢᠯ ᠢ ᠭᠦᠢᠴᠡᠳ ᠠᠰᠢᠭᠯᠠᠨ᠂ ᠣᠯᠠᠨ ᠲᠦᠮᠡᠨ ᠤ ᠬᠠᠮᠲᠤ ᠶᠢᠨ ᠬᠦᠷᠢᠶᠡᠯᠡᠯ ᠢ ᠤᠯᠬᠤ ᠬᠡᠷᠡᠭᠲᠡᠶ᠃ | 3. ᠲᠤᠰ ᠤᠳᠠᠭᠠᠨ ᠤ ᠤᠷᠤᠯᠳᠤᠭᠠᠨ ᠨᠢ ᠶᠠᠮᠠᠷ ᠴᠤ ᠰᠦᠢᠳᠬᠡᠯ ᠬᠤᠷᠢᠶᠠᠬᠤ ᠦᠭᠡᠢ᠂ ᠱᠠᠩᠨᠠᠯ ᠣᠯᠤᠭᠰᠠᠨ | ᠪᠦᠲᠦᠭᠡᠯ ᠤᠨ ᠬᠡᠪᠯᠡᠯ ᠤᠨ ᠡᠷᠬᠡ ᠶᠢ ᠭᠤᠣᠯᠯᠠᠨ ᠡᠷᠬᠢᠯᠡᠬᠦ ᠡᠲᠡᠭᠡᠳ ᠲᠤ ᠥᠮᠴᠢᠯᠡᠭᠳᠡᠵᠦ᠂ ᠭᠤᠣᠯᠯᠠᠨ ᠡᠷᠬᠢᠯᠡᠬᠦ | ᠡᠲᠡᠭᠡᠳ ᠨᠢ ᠪᠦᠲᠦᠭᠡᠯ ᠤᠨ ᠡᠯ᠎ᠡ ᠲᠦᠷᠦᠯ ᠤᠨ ᠬᠤᠳᠠᠯᠳᠤᠭ᠎ᠠ ᠪᠠ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠲᠠᠢ | ᠤᠷᠳᠤ ᠬᠤᠭᠤᠴᠠᠭ᠎ᠠ ᠪᠠᠷ ᠬᠡᠷᠡᠭᠯᠡᠬᠦ ᠡᠷᠬᠡ ᠲᠠᠢ᠂ ᠳᠠᠬᠢᠵᠤ ᠡᠬᠡ ᠪᠢᠴᠢᠭ ᠤᠨ ᠰᠦᠢᠳᠬᠡᠯ ᠲᠤᠰᠢᠶᠠᠬᠤ ᠦᠭᠡᠢ᠃ | 4. ᠪᠣᠶ ᠪᠥᠬᠦᠶ ᠸᠢᠳᠢᠣ᠋ ᠨᠢ ᠴᠥᠮ ᠡᠬᠡ ᠪᠢᠴᠢᠭ ᠬᠠᠩᠭᠠᠭᠰᠠᠨ ᠪᠠᠶᠢᠭᠤᠯᠭ᠎ᠠ ᠨᠢᠭᠡᠴᠡ ᠪᠤᠶᠤ ᠬᠤᠪᠢ | ᠬᠥᠮᠦᠨ ᠤ ᠦᠪᠡᠷ ᠤᠨ ᠪᠦᠳᠦᠭᠡᠭᠰᠡᠨ ᠸᠢᠳᠢᠣ᠋ ᠂ ᠬᠡᠪᠯᠡᠯ ᠤᠨ ᠡᠷᠬᠡ ᠶᠢᠨ ᠵᠢᠭᠤᠷᠠᠯᠳᠤᠭᠠᠨ ᠥᠬᠡᠶ᠃ | ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠡᠷᠬᠡᠪᠰᠢ ᠵᠣᠬᠢᠶᠠᠭᠴᠢ ᠶᠢᠨ ᠦᠪᠡᠷ ᠤᠨ ᠪᠦᠳᠦᠭᠡᠭᠰᠡᠨ ᠪᠥᠭᠡᠳ | ᠪᠦᠷᠢᠨ ᠪᠦᠲᠦᠨ ᠬᠡᠪᠯᠡᠯ ᠤᠨ ᠡᠷᠬᠡ ᠲᠠᠢ ᠪᠠᠶᠢᠬᠤ ᠬᠡᠷᠡᠭᠲᠡᠶ᠂ ᠶᠠᠮᠠᠷᠪᠠ ᠭᠤᠷᠪᠠᠳᠠᠬᠢ ᠡᠲᠡᠭᠡᠳ ᠵᠣᠬᠢᠶᠠᠯ | ᠪᠦᠲᠦᠭᠡᠯ ᠤᠨ ᠡᠷᠬᠡ᠂ ᠬᠥᠷᠥᠭ ᠵᠢᠷᠤᠭ ᠤᠨ ᠡᠷᠬᠡ᠂ ᠨᠡᠷ᠎ᠡ ᠬᠦᠨᠳᠦ ᠶᠢᠨ ᠡᠷᠬᠡ ᠵᠡᠷᠭᠡ ᠶᠢ ᠪᠠᠭᠳᠠᠭᠠᠭᠰᠠᠨ ᠦᠭᠡᠷ᠎ᠡ | ᠪᠤᠰᠤᠳ ᠬᠠᠤᠯᠢ ᠶᠣᠰᠣᠨ ᠤ ᠡᠷᠬᠡ ᠠᠰᠢᠭ ᠲᠤ ᠦᠯᠦ ᠬᠠᠯᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠤᠷᠤᠯᠳᠤᠭᠠᠨ ᠳᠤ ᠣᠷᠣᠯᠴᠠᠭᠰᠠᠨ ᠪᠦᠲᠦᠭᠡᠯ ᠳᠤ ᠬᠤᠯᠪᠣᠭᠳᠠᠭᠰᠠᠨ ᠵᠣᠬᠢᠶᠠᠯ ᠪᠦᠲᠦᠭᠡᠯ ᠤᠨ ᠡᠷᠬᠡ᠂ ᠬᠥᠷᠥᠭ | ᠵᠢᠷᠤᠭ ᠤᠨ ᠡᠷᠬᠡ᠂ ᠨᠡᠷ᠎ᠡ ᠬᠦᠨᠳᠦ ᠶᠢᠨ ᠡᠷᠬᠡ ᠵᠡᠷᠭᠡ ᠶᠢ ᠴᠥᠮ ᠤᠷᠤᠯᠳᠤᠭᠠᠨ ᠳᠤ ᠣᠷᠣᠯᠴᠠᠭᠰᠠᠳ ᠥᠪᠡᠷ ᠢᠶᠠᠨ | ᠬᠠᠷᠢᠭᠤᠴᠠᠵᠤ᠂ ᠠᠵᠢᠯᠯᠠᠭ᠎ᠠ ᠶᠢ ᠭᠤᠤᠯᠯᠠᠨ ᠡᠷᠬᠢᠯᠡᠭᠰᠡᠨ ᠲᠠᠯ᠎ᠠ ᠨᠢ ᠡᠭᠦᠨ ᠯᠦᠭᠡ ᠬᠤᠯᠪᠣᠭᠳᠠᠬᠤ ᠶᠠᠮᠠᠷᠪᠠ | ᠵᠢᠭᠤᠷᠠᠯᠳᠤᠭᠠᠨ ᠢ ᠡᠭᠦᠷᠭᠡᠯᠡᠬᠦ ᠦᠭᠡᠢ᠃ | 5. ᠪᠦᠲᠦᠭᠡᠯ ᠢ ᠰᠡᠭᠦᠳᠡᠷᠯᠡᠵᠦ ᠳᠠᠭᠤᠰᠤᠭᠰᠠᠨ ᠤ ᠳᠠᠷᠠᠭ᠎ᠠ᠂ ᠥᠪᠡᠰᠦᠪᠡᠨ ᠸᠢᠳᠢᠤ᠋ ᠶᠢᠨ ᠳ᠋ᠤᠭᠠᠷ᠂ ᠲᠢᠭ᠋ | ᠲᠤᠭ ᠤᠨ ᠳ᠋ᠤᠭᠠᠷ᠂ ᠬᠤᠷᠳᠤᠨ ᠭᠠᠷ ᠤᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠴᠠᠭ | ᠲᠤᠬᠠᠶ ᠳᠤᠨᠢ ᠨᠡᠶᠢᠲᠡᠯᠡᠵᠦ᠂ 4 ᠰᠠᠷ᠎ᠠ ᠶᠢᠨ 23 ᠤ ᠡᠳᠦᠷ ᠠᠴᠠ ᠡᠮᠦᠨ᠎ᠡ ᠤᠷᠤᠯᠳᠤᠭᠠᠨ ᠳᠤ ᠣᠷᠣᠯᠴᠠᠭᠰᠠᠨ | ᠪᠦᠲᠦᠭᠡᠯ ᠵᠢᠴᠢ ᠠᠷᠤ ᠲᠠᠪᠴᠠᠩ ᠳᠤ ᠳᠠᠮᠵᠢᠭᠤᠯᠤᠨ ᠲᠠᠷᠬᠠᠭᠠᠭᠰᠠᠨ ᠬᠡᠮᠵᠢᠶ᠎ᠡ᠂ ᠮᠠᠭᠲᠠᠨ ᠰᠠᠶᠢᠰᠢᠶᠠᠭᠰᠠᠨ ᠬᠡᠮᠵᠢᠶ᠎ᠡ᠂ | ᠲᠠᠨᠢᠯᠴᠠᠭᠤᠯᠤᠭᠰᠠᠨ ᠬᠡᠮᠵᠢᠶ᠎ᠡ᠂ ᠦᠨᠡᠯᠡᠭᠰᠡᠨ ᠬᠡᠮᠵᠢᠶ᠎ᠡ ᠵᠡᠷᠭᠡ ᠶᠢᠨ ᠭᠡᠷᠡᠴᠢ ᠵᠢᠷᠤᠭ ᠢ ᠪᠤᠭᠤᠳᠠᠯᠯᠠᠵᠤ᠂ ᠭᠠᠷᠴᠠᠭ ᠢ | ᠲᠤᠤᠷᠠᠬᠢ ᠮᠡᠳᠦ ᠲᠡᠰ ᠲᠠᠷᠠᠭᠠᠯᠠᠯ ᠢᠶᠠᠷ ᠲᠤᠳᠤᠷᠬᠠᠶᠢᠯᠠᠨ᠎ᠠ᠄ ︽ᠪᠦᠲᠦᠭᠡᠯ ᠤᠨ ᠨᠡᠷᠡᠶᠢᠳᠦᠯ᠂ ᠵᠣᠬᠢᠶᠠᠭᠴᠢ ᠶᠢᠨ | ᠣᠪᠣᠭ ᠨᠡᠷ᠎ᠡ᠂ ᠬᠠᠷᠢᠯᠴᠠᠬᠤ ᠤᠲᠠᠰᠤ︾ ᠃ ᠬᠡᠳᠦ ᠤᠷᠳᠤ ᠸᠢᠳᠢᠣ᠋ ᠶᠢᠨ ᠪᠦᠲᠦᠭᠡᠯ ᠢ ᠪᠠᠢ ᠳᠤ ᠡᠭᠦᠯᠡᠨ | ᠲᠠᠪᠴᠠᠩ ᠳᠤ ᠳᠠᠮᠵᠢᠭᠤᠯᠬᠤ ᠶᠢᠨ ᠬᠠᠮᠲᠤ ᠴᠥᠷᠬᠡᠯᠡᠬᠦ ᠬᠠᠶ᠋ᠢᠭ ᠪᠠ ᠭᠠᠷᠭᠠᠵᠤ ᠠᠪᠬᠤ ᠺᠣᠳ᠋ ᠢ ᠬᠤᠪᠢᠶᠠᠯᠴᠠᠨ᠎ᠠ᠃ | ᠲᠦᠷᠪᠡ᠂ ᠪᠦᠲᠦᠭᠡᠯ ᠢ ᠰᠢᠯᠭᠠᠷᠠᠭᠤᠯᠬᠤ | 1. ᠰᠢᠯᠭᠠᠷᠠᠭᠤᠯᠬᠤ ᠪᠠᠷᠢᠮᠵᠢᠶ᠎ᠠ᠄ ᠭᠤᠣᠯ ᠰᠡᠳᠦᠪ ᠤᠨ ᠲᠤᠬᠢᠷᠠᠯᠴᠠᠭᠰᠠᠨ ᠬᠡᠮᠵᠢᠶ᠎ᠡ ︵30%︶᠂ ᠤᠯᠠᠮᠵᠢᠯᠠᠨ | ᠲᠠᠷᠬᠠᠭᠠᠬᠤ ᠨᠥᠯᠥᠭᠡᠯᠡᠬᠦ ᠬᠦᠴᠦᠨ ︵30%︶᠂ ᠰᠡᠬᠦᠳᠡᠷᠯᠡᠭᠰᠡᠨ ᠶᠠᠰᠤ ᠴᠢᠨᠠᠷ ︵20%︶᠂ ᠪᠦᠲᠦᠭᠡᠯᠴᠢ | ᠰᠢᠨ᠎ᠡ ᠰᠡᠪᠡᠭᠦᠨ ᠬᠡᠮᠵᠢᠶ᠎ᠡ ︵20%︶᠃ | 2. ᠰᠢᠯᠭᠠᠷᠠᠭᠤᠯᠬᠤ ᠠᠷᠭ᠎ᠠ ᠬᠡᠯᠪᠡᠷᠢ᠄ ᠤᠷᠤᠯᠳᠤᠭᠠᠨ ᠳᠤ ᠰᠢᠯᠭᠠᠷᠠᠭᠤᠯᠬᠤ ᠵᠥᠪᠯᠡᠯ ᠪᠠᠶᠢᠭᠤᠯᠵᠤ᠂ ᠪᠤᠭᠤᠲᠤ | ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠨᠢᠨ ᠮᠡᠳᠡᠭᠡᠨ ᠤ ᠵᠠᠭᠤᠴᠢᠯᠠᠭᠤᠷ᠂ ᠬᠤᠪᠢ ᠶᠢᠨ | ᠵᠠᠭᠤᠴᠢᠯᠠᠭᠤᠷ ᠤᠨ ᠬᠥᠮᠦᠰ ᠢ ᠤᠷᠢᠵᠤ ᠬᠠᠮᠲᠤ ᠪᠠᠷ ᠬᠤᠪᠢ ᠥᠭᠴᠦ ᠱᠠᠩᠨᠠᠯ ᠭᠥᠷᠳᠡᠬᠦ ᠨᠡᠷᠡᠰ ᠢ ᠲᠣᠭᠲᠠᠭᠠᠨ᠎ᠠ᠃ | ᠲᠠᠪᠤ᠂ ᠱᠠᠩᠨᠠᠯ ᠤᠨ ᠵᠦᠢᠯ ᠤᠨ ᠪᠠᠢᠷᠢᠯᠠᠭᠤᠯᠤᠯᠲᠠ | ᠲᠤᠰ ᠤᠳᠠᠭᠠᠨ ᠤ ᠤᠷᠤᠯᠳᠤᠭᠠᠨ ᠨᠢ ᠪᠣᠳᠠᠲᠠᠢ ᠡᠬᠡ ᠪᠢᠴᠢᠭ ᠥᠭᠭᠦᠭᠰᠡᠨ ᠪᠠᠶᠢᠳᠠᠯ ᠢ ᠦᠨᠳᠦᠰᠦᠯᠡᠨ ᠱᠠᠩᠨᠠᠯ | ᠣᠯᠭᠤᠬᠤ ᠶᠢᠨ ᠬᠠᠮᠲᠤ ᠵᠣᠬᠢᠬᠤ ᠱᠠᠩᠨᠠᠯ ᠤᠨ ᠮᠥᠩᠭᠦ ᠦᠭᠭᠦᠨ᠎ᠡ᠃ | ᠵᠢᠷᠭᠤᠭ᠎ᠠ᠂ ᠡᠬᠡ ᠪᠢᠴᠢᠭ ᠥᠭᠬᠦ ᠠᠷᠭ᠎ᠠ ᠮᠠᠶ᠋ᠢᠭ | ᠢᠮᠧᠯ᠄ dmqwwxb@163.com | ᠬᠠᠷᠢᠯᠴᠠᠬᠤ ᠬᠥᠮᠦᠨ᠄ ᠯᠢ ᠬᠡᠦ ᠶᠢᠩ᠂ ᠴᠧᠨ ᠯᠸᠢ | ᠬᠠᠷᠢᠯᠴᠠᠬᠤ ᠤᠲᠠᠰᠤ᠄ 0472 - 8423942 |