4 ᠳ᠋ᠦ᠋ᠭᠡᠷ ᠰᠠᠷ᠎ᠠ ᠶᠢᠨ 15 ᠤ ᠡᠳᠦᠷ᠂ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽4.15 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠵᠢᠴᠢ ᠬᠢᠯᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ | ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ︾ ᠶᠢ ᠥᠷᠨᠢᠭᠦᠯᠪᠡ᠃ | ᠠᠵᠢᠯᠯᠠᠭ᠎ᠠ ᠨᠢ ᠮᠣᠷᠢᠨ ᠬᠤᠭᠤᠷ ᠤᠨ ᠠᠶᠠᠯᠭᠤ ᠠᠶᠠᠰ ᠢᠶᠠᠷ ᠬᠥᠰᠢᠭᠡ ᠪᠠᠨ ᠰᠡᠬᠦᠵᠦ᠂ ᠳᠠᠷᠬᠠᠨ ᠮᠤᠤᠮᠢᠩᠭᠠᠨ | ᠬᠤᠯᠪᠣᠭᠠᠲᠣ ᠬᠤᠰᠢᠭᠤᠨ ᠤ ᠤᠯᠠᠭᠠᠨᠮᠥ᠋ᠴᠢᠷ ᠠᠴᠠ ᠨᠠᠷᠢᠨ ᠨᠢᠮᠪᠠᠶ ᠨᠠᠶᠢᠷᠠᠭᠤᠯᠤᠭᠰᠠᠨ ᠪᠥᠵᠢᠭ ︽ᠪᠠᠶᠠᠷᠯᠠᠨ | ᠪᠡᠯᠭᠡᠯᠡᠶ᠎ᠠ︾᠂ ᠳᠠᠭᠤᠤ ︽ᠤᠯᠠᠭᠠᠨ ᠡᠯᠡᠰᠦᠨ ᠮᠠᠭᠲᠠᠭᠠᠯ︾᠂ ᠬᠤᠯᠪᠣᠭ᠎ᠠ ︽ᠳᠠᠷᠬᠠᠨ ᠮᠤᠤᠮᠢᠩᠭᠠᠨ ᠤ ᠤᠶᠠᠩᠭ᠎ᠠ︾ | ᠂ ᠮᠣᠷᠢᠨ ᠬᠤᠭᠤᠷ ᠤᠨ ᠪᠥᠵᠢᠭ ︽ᠴᠠᠭᠠᠨ ᠮᠣᠷᠢ︾᠂ ᠳᠠᠭᠤᠤ ︽ᠠᠵᠢᠨᠠᠶ ᠬᠦᠯᠦᠭ ᠳᠠᠪᠬᠢᠨ ᠬᠢᠯᠢ ᠬᠢᠵᠠᠭᠠᠷ ᠢ | ᠬᠠᠮᠠᠭᠠᠯᠠᠶ᠎ᠠ︾ ᠵᠡᠷᠭᠡ ᠪᠠᠶᠢᠵᠤ᠂ ᠪᠠᠶᠠᠷ ᠪᠠᠶᠠᠰᠬᠤᠯᠠᠩᠲᠤ ᠪᠥᠵᠢᠭ᠂ ᠢᠷᠠᠭᠤ ᠰᠠᠶᠢᠬᠠᠨ ᠳᠠᠭᠤᠤ ᠪᠠ ᠬᠠᠤᠯᠢ | ᠲᠦᠭᠡᠮᠡᠯᠵᠢᠭᠦᠯᠬᠦ ᠴᠢᠩᠭ᠎ᠠ ᠳᠠᠭᠤᠤ ᠨᠢ ᠬᠠᠪᠤᠷ ᠤᠨ ᠡᠳᠦᠷ ᠬᠠᠩᠭᠢᠨᠠᠲᠠᠯ᠎ᠠ ᠴᠤᠤᠷᠢᠶᠠᠲᠤᠵᠤ᠂ ᠠᠮᠤᠷ ᠲᠦᠪᠰᠢᠨ ᠤ | ᠬᠥᠭ ᠠᠶᠠᠰ ᠢ ᠪᠢᠴᠢᠭᠯᠡᠪᠡ᠃ | ︽ᠤᠯᠠᠭᠠᠨᠮᠥ᠋ᠴᠢᠷ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ | ᠬᠤᠪᠢ ᠳᠤ᠂ ᠪᠢᠳᠡ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠭᠦᠨ ᠰᠡᠳᠬᠢᠯᠭᠡ ᠲᠠᠢ᠂ ᠣᠯᠠᠨ ᠲᠦᠮᠡᠨ ᠲᠠᠢ | ᠣᠶᠢᠷᠠᠲᠤᠭᠰᠠᠨ᠂ ᠠᠷᠠᠳ ᠣᠯᠠᠨ ᠤ ᠳᠡᠷᠭᠡᠳᠡᠬᠢ ᠡᠨᠡ ᠬᠦ ᠲᠣᠭᠯᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠤᠯᠤᠰ | ᠤᠨ ᠠᠮᠤᠷ ᠲᠦᠪᠰᠢᠨ ᠤ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠵᠤ᠂ ᠪᠥᠬᠦ ᠨᠡᠶᠢᠭᠡᠮ ᠤᠨ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ︾ | ᠭᠡᠵᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠵᠠᠩ ᠰᠢᠶᠤᠤ ᠪᠥᠸᠧ᠄ | ︽ᠡᠨᠡ ᠵᠢᠯ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠢᠳᠡ ᠮᠠᠨᠳᠤᠯ ᠪᠣᠭᠤᠮᠲᠠ ᠶᠢᠨ ᠬᠠᠷᠠᠭᠤᠯ ᠤᠨ | ᠭᠠᠵᠠᠷ᠂ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠠᠳᠢᠶ᠎ᠠ ᠶᠢᠨ ᠬᠡᠷ ᠲᠤ ᠭᠦᠨᠵᠡᠭᠡᠶᠢᠷᠡᠨ | ᠲᠣᠬᠤᠨᠢᠭᠤᠯᠬᠤ ᠲᠣᠭᠯᠠᠯᠲᠠ ᠭᠠᠷᠭᠠᠪᠠ᠃ ᠡᠨᠡ ᠵᠢᠯ ᠪᠢᠳᠡ 170 ᠭᠠᠷᠤᠢ ᠲᠠᠯᠠᠪᠠᠢ ᠲᠣᠭᠯᠠᠯᠲᠠ ᠭᠠᠷᠭᠠᠬᠤ | ᠪᠣᠯᠣᠨ᠎ᠠ᠃ ᠵᠠᠯᠭᠠᠭᠠᠳ ᠪᠢᠳᠡ ᠪᠠᠰᠠ ᠨᠡᠶᠢᠭᠡᠮ ᠲᠣᠭᠤᠷᠢᠭ᠂ ᠰᠤᠷᠭᠠᠭᠤᠯᠢ᠂ ᠪᠠᠶᠢᠭᠤᠯᠭ᠎ᠠ ᠨᠢᠭᠡᠴᠢ᠂ ᠴᠡᠷᠢᠭ ᠠᠩᠭᠢ | ᠂ ᠦᠨᠳᠦᠰᠦᠨ ᠱᠠᠲᠤ᠂ ᠦᠵᠡᠮᠵᠢ ᠶᠢᠨ ᠣᠷᠣᠨ ᠳᠤ ᠣᠷᠣᠵᠤ᠂ ᠮᠠᠨ ᠤ ᠨᠠᠮ ᠤᠨ ᠰᠠᠶᠢᠨ ᠳᠠᠭᠤᠨ ᠢ ᠣᠯᠠᠨ | ᠲᠦᠮᠡᠨ ᠤ ᠳᠡᠷᠭᠡᠳᠡ ᠳᠠᠮᠵᠢᠭᠤᠯᠤᠨ᠎ᠠ︾ ᠭᠡᠵᠦ ᠬᠡᠯᠡᠪᠡ᠃ | ︽ᠤᠳᠤ ᠦᠶ᠎ᠡ ᠶᠢᠨ ᠤᠯᠤᠰ ᠤᠨ ᠠᠮᠤᠷ ᠲᠦᠪᠰᠢᠨ ᠳᠤ 20 ᠲᠠᠯ᠎ᠠ ᠶᠢᠨ ᠦᠨᠳᠦᠰᠦᠨ ᠠᠭᠤᠯᠭ᠎ᠠ | ᠪᠠᠭᠲᠠᠨ᠎ᠠ᠄ ᠤᠯᠤᠰ ᠲᠦᠷᠦ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠤᠯᠤᠰ ᠤᠨ | ᠨᠤᠲᠤᠭ ᠳᠡᠪᠢᠰᠬᠡᠷ ᠤᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠁︾ ︽12339 ᠪᠣᠯ | ᠤᠯᠤᠰ ᠤᠨ ᠠᠮᠤᠷ ᠲᠦᠪᠰᠢᠨ ᠤ ᠬᠡᠯᠲᠡᠰ ᠠᠴᠠ ᠪᠠᠶᠢᠭᠤᠯᠤᠭᠰᠠᠨ᠂ ᠠᠷᠠᠳ ᠢᠷᠭᠡᠨ ᠪᠠ ᠵᠣᠬᠢᠶᠠᠨ | ᠪᠠᠶᠢᠭᠤᠯᠤᠯᠲᠠ ᠶᠢᠨ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠲᠠᠩᠨᠠᠭᠤᠯ ᠤᠨ ᠦᠢᠯᠡ ᠠᠵᠢᠯᠯᠠᠭ᠎ᠠ ᠪᠤᠶᠤ | ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠬᠠᠯᠠᠮᠰᠢᠯ ᠤᠲᠠᠰᠤ᠃︾ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ | ᠠᠵᠢᠯᠲᠠᠳ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ | ᠭᠠᠷ ᠳᠡᠪᠲᠡᠷ ᠵᠡᠷᠭᠡ ᠶᠢ ᠲᠠᠷᠬᠠᠭᠠᠬᠤ ᠶᠢᠨ ᠬᠠᠮᠲᠤ ᠲᠠᠷᠬᠠᠭᠠᠬᠤ ᠶᠠᠪᠤᠴᠠ ᠳᠤ ᠪᠠᠨ ᠣᠯᠠᠨ ᠲᠦᠮᠡᠨ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠤᠯᠤᠰ ᠤᠨ ᠠᠮᠤᠷ | ᠲᠦᠪᠰᠢᠨ ᠤ ᠬᠦᠷᠢᠶᠡᠨ ᠳᠠᠬᠢ ᠠᠯᠢ ᠣᠯᠠᠨ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ | ᠨᠠᠷᠢᠨ ᠨᠢᠮᠪᠠᠶ ᠲᠠᠶᠢᠯᠪᠤᠷᠢᠯᠠᠨ ᠥᠭᠪᠡ᠃ ᠪᠠᠰᠠ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ | ᠤᠬᠠᠭᠤᠯᠭ᠎ᠠ ᠶᠢᠨ ᠰᠠᠮᠪᠠᠷ᠎ᠠ 30 ᠭᠠᠷᠣᠢ ᠭᠠᠷᠭᠠᠵᠤ᠂ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠶᠢᠨ ᠴᠢᠬᠤᠯᠠ ᠴᠢᠨᠠᠷ ᠢ ᠨᠡᠩ ᠰᠢᠭᠤᠳ ᠣᠶᠢᠯᠠᠭᠠᠭᠤᠯᠵᠤ᠂ ᠤᠯᠠᠨ ᠢ ᠬᠥᠲᠥᠯᠥᠨ ᠵᠢᠯᠣᠭᠤᠳᠴᠤ | ᠤᠯᠤᠰ ᠤᠨ ᠠᠮᠤᠷ ᠲᠦᠪᠰᠢᠨ ᠤ ᠬᠠᠮᠠᠭᠠᠯᠠᠭᠴᠢ ᠪᠣᠯᠭᠠᠪᠠ᠃ | ᠡᠯᠪᠡᠭ ᠪᠠᠶᠠᠯᠢᠭ ᠠᠵᠢᠯᠯᠠᠭ᠎ᠠ ᠨᠢ ᠰᠠᠭᠤᠭᠠᠯᠢ ᠠᠷᠠᠳ ᠣᠯᠠᠨ ᠤ ᠠᠩᠬᠠᠷᠤᠯ ᠢ ᠥᠷᠭᠡᠨ ᠢᠶᠠᠷ ᠲᠠᠲᠠᠵᠤ᠂ | ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ︽ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ | ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠠᠷᠢᠯᠴᠠᠨ ᠦᠢᠯᠡᠳᠦᠯᠴᠡᠵᠦ ᠤᠬᠠᠭᠤᠯᠬᠤ ᠵᠡᠷᠭᠡ ᠤᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ᠂ ᠮᠠᠨ ᠤ ᠬᠢᠯᠢ ᠬᠢᠵᠠᠭᠠᠷ ᠣᠷᠣᠨ ᠤ ᠺᠠᠳ᠋ᠷ ᠤᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠤᠬᠠᠮᠰᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠬᠠᠤᠯᠢᠵᠢᠯ ᠤᠨ | ᠦᠵᠡᠯᠲᠡ ᠶᠢ ᠴᠢᠨᠠᠭᠰᠢᠳᠠ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ | ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠲᠤᠬᠠᠶ ᠶᠢᠨ ᠲᠠᠯᠠᠪᠠᠶ ᠳᠤ ᠪᠠᠰᠠ ᠪᠢᠳᠡᠨ ᠳᠤ | ᠤᠯᠤᠰ ᠤᠨ ᠠᠮᠤᠷ ᠲᠦᠪᠰᠢᠨ᠂ ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠠᠭᠤᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠶᠢᠨ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠭᠤᠯᠵᠤ᠂ ᠬᠢᠯᠢ ᠶᠢᠨ ᠠᠮᠤᠷ | ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠠᠢ︾ ᠭᠡᠵᠦ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ | ᠰᠡᠯᠡᠩᠬᠡ ᠬᠡᠯᠡᠪᠡ᠃ | ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠤᠰᠬᠠᠶ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠢ ᠨᠡᠶᠢᠲᠡ 10 ᠲᠦᠮᠡᠨ | ᠬᠥᠮᠦᠨ ᠤᠳᠠᠭ᠎ᠠ ᠬᠠᠮᠤᠷᠴᠠᠶ᠃ ︽ᠤᠯᠤᠰ ᠤᠨ ᠠᠮᠤᠷ ᠲᠦᠪᠰᠢᠨ ᠢ ᠵᠠᠭᠤᠨ ᠲᠣᠰᠬᠤᠨ ︵ᠭᠠᠴᠠᠭ᠎ᠠ︶ ᠳᠤ | ᠣᠷᠣᠭᠤᠯᠬᠤ︾᠂ ᠭᠠᠴᠠᠭ᠎ᠠ ᠲᠣᠰᠬᠤᠨ ᠳᠤ ᠬᠦᠷᠴᠦ ᠶᠠᠷᠢᠯᠴᠠᠬᠤ ᠬᠤᠷᠠᠯ ᠬᠢᠬᠦ᠂ ᠬᠤᠰᠢᠭᠤᠨ ᠤ ᠤᠯᠠᠭᠠᠨᠮᠥ᠋ᠴᠢᠷ | ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠭᠠᠷᠭᠠᠬᠤ᠂ ᠬᠥᠮᠦᠰ ᠢᠶᠠᠨ ᠵᠣᠬᠢᠶᠠᠨ | ᠪᠠᠶᠢᠭᠤᠯᠤᠨ ᠠᠶᠢᠯ ᠡᠷᠦᠬᠡ ᠳᠤ ᠣᠷᠣᠬᠤ᠂ ᠠᠵᠤ ᠠᠬᠤᠶᠢᠯᠠᠯ᠂ ᠱᠠᠰᠢᠨ ᠰᠤᠷᠲᠠᠬᠤᠨ ᠤ ᠲᠠᠯᠠᠪᠤᠷ ᠭᠠᠵᠠᠷ᠂ | ᠪᠣᠭᠤᠮᠲᠠ ᠪᠠᠷ ᠭᠦᠨᠵᠡᠭᠡᠶᠢᠷᠡᠵᠦ᠂ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠠᠵᠢᠯ ᠤᠨ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠲᠤᠰᠬᠠᠢ ᠠᠵᠢᠯᠯᠠᠭ᠎ᠠ ᠵᠢᠴᠢ ᠬᠥᠮᠦᠵᠢᠯ ᠪᠣᠯᠪᠠᠰᠤᠷᠠᠯ ᠤᠨ | ᠬᠤᠷᠠᠯ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠢᠯᠢ ᠬᠢᠵᠠᠭᠠᠷ ᠣᠷᠣᠨ ᠳᠤ ᠨᠠᠶᠢᠳᠠᠪᠤᠷᠢᠵᠢᠭᠤᠯᠬᠤ ᠶᠢ | ᠠᠬᠢᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠬᠡᠰᠢᠭᠲᠦ᠄ ︽ᠳᠠᠷᠠᠭᠠᠴᠢ ᠶᠢᠨ ᠠᠯᠬᠤᠮ ᠳᠤ᠂ ᠪᠢᠳᠡ ᠳᠠᠷᠬᠠᠨ | ᠮᠤᠤᠮᠢᠩᠭᠠᠨ ᠬᠤᠰᠢᠭᠤᠨ ᠤ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠨᠴᠠᠭᠠᠢ ᠣᠷᠣᠨ | ᠪᠠᠶᠢᠷᠢ ᠳᠤ ᠰᠠᠭᠤᠷᠢᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠡᠯᠪᠡᠷᠢᠲᠡᠢ᠂ ᠲᠦᠷᠦᠭᠳᠡᠯ ᠲᠠᠢ᠂ ᠪᠦᠲᠦᠮᠵᠢᠲᠡᠢ | ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠠᠮᠤᠷ | ᠲᠦᠪᠰᠢᠨ᠂ ᠤᠯᠤᠰ ᠤᠨ ᠠᠮᠤᠷ ᠲᠦᠪᠰᠢᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠯᠤᠰ ᠤᠨ | ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠬᠦᠴᠦᠲᠡᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠤᠯᠤᠳ ᠬᠡᠷᠡᠮ ᠢ ᠪᠠᠲᠤ | ᠴᠣᠭᠴᠠᠯᠠᠨ᠎ᠠ︾ ᠭᠡᠵᠦ ᠢᠯᠡᠳᠬᠡᠪᠡ᠃ |