2024 ᠣᠨ ᠤ 5 ᠳ᠋ᠤᠭᠠᠷ ᠰᠠᠷ᠎ᠠ ᠶᠢᠨ 23 ᠤ ᠡᠳᠦᠷ᠂ ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ | ᠵᠡᠭᠡᠯᠢ ᠶᠢᠨ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠵᠢᠶᠠᠩ ᠠᠪᠠᠭ᠋ᠠᠶ ᠲᠠᠷᠢᠬᠢᠨ ᠲᠦᠭᠵᠢᠷᠡᠯ ᠤᠨ ᠰᠢᠨᠵᠢ | ᠲᠡᠮᠳᠡᠭ ᠢᠯᠡᠷᠡᠵᠦ᠂ ᠰᠢᠯᠵᠢᠮᠡᠯ ᠰᠠ ᠳᠠᠭᠠᠷᠢᠬᠤ ᠠᠪᠤᠷᠠᠯᠲᠠ ᠶᠢᠨ ᠲᠡᠷᠭᠡ ᠴᠠᠭ ᠲᠤᠬᠠᠶ ᠳᠤ ᠨᠢ ᠲᠤᠬᠠᠶ ᠶᠢᠨ | ᠲᠠᠯᠠᠪᠤᠷ ᠲᠤ ᠬᠦᠷᠴᠦ ᠲᠦᠷᠭᠡᠨ ᠠᠪᠤᠷᠠᠯᠲᠠ ᠬᠢᠵᠦ᠂ ︽ᠲᠡᠷᠭᠡᠨ ᠳᠤ ᠭᠠᠷᠪᠠᠯ ᠳᠠᠷᠣᠢ ᠡᠮᠨᠡᠯᠭᠡ ᠳᠤ ᠣᠷᠣᠵᠤ᠂ | ᠡᠮᠨᠡᠯᠭᠡ ᠳᠤ ᠣᠷᠣᠪᠠᠯ ᠳᠠᠷᠤᠶ ᠡᠮᠨᠡᠨ ᠵᠠᠰᠠᠬᠤ︾ ᠴᠣ ᠰᠢᠨ᠎ᠡ ᠣᠨᠣᠰᠢᠯᠠᠨ ᠡᠮᠨᠡᠬᠦ ᠵᠠᠭᠪᠤᠷ ᠲᠤ ᠶᠡᠭᠡ ᠦᠢᠯᠡᠳᠦᠯ | ᠦᠵᠡᠭᠦᠯᠵᠦ᠂ ᠡᠴᠦᠰ ᠲᠤ ᠪᠠᠨ ᠴᠠᠭ ᠲᠤᠬᠠᠶ ᠳᠤ ᠨᠢ ᠲᠦᠷᠭᠡᠨ ᠠᠪᠤᠷᠠᠯᠲᠠ ᠬᠢᠭᠰᠡᠨ ᠠᠴᠠ ᠡᠪᠡᠳᠴᠢᠲᠡᠨ ᠢ | ᠪᠦᠲᠦᠮᠵᠢᠲᠡᠢ ᠡᠮᠨᠡᠨ ᠠᠪᠤᠷᠠᠭᠰᠠᠨ ᠪᠠᠶᠢᠨ᠎ᠠ᠃ | 2022 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ᠂ ᠪᠤᠭᠤᠲᠤ ᠣᠷᠣᠨ ᠤ ᠠᠩᠬᠠᠳᠠᠭᠴᠢ ᠰᠢᠯᠵᠢᠮᠡᠯ | CT ᠶᠢ ᠪᠠᠭᠲᠠᠭᠠᠭᠰᠠᠨ ᠬᠠᠶᠢᠯᠤᠨ ᠪᠦᠭᠯᠡᠷᠡᠬᠦ ᠠᠪᠤᠷᠠᠯᠲᠠ ᠶᠢᠨ ᠲᠡᠷᠭᠡ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠬᠦᠷᠦᠭᠰᠡᠨ ᠪᠥᠭᠡᠳ ᠵᠢᠩᠬᠢᠨᠢ ᠪᠠᠷ ᠠᠰᠢᠭᠯᠠᠯᠲᠠ ᠳᠤ ᠣᠷᠣᠯᠴᠠᠪᠠ᠃ ᠣᠳᠣ ᠪᠣᠯᠲᠠᠯ᠎ᠠ ᠨᠢᠭᠡᠨᠲᠡ | 1000 ᠭᠠᠷᠤᠶ ᠬᠥᠮᠦᠨ ᠢ ᠰᠢᠭᠰᠢᠨ ᠪᠠᠶᠢᠴᠠᠭᠠᠵᠤ᠂ 300 ᠭᠠᠷᠤᠶ ᠬᠥᠮᠦᠨ ᠢ ᠣᠨᠣᠰᠢᠯᠠᠨ ᠵᠠᠰᠠᠵᠤ᠂ 30 | ᠭᠠᠷᠤᠶ ᠡᠪᠡᠳᠴᠢᠲᠡᠨ ᠳᠤ ᠠᠰᠢᠭ ᠬᠦᠷᠲᠡᠭᠡᠵᠡᠢ᠃ ᠡᠭᠦᠨ ᠳᠤ ᠨᠢᠭᠡ ᠪᠦᠯᠦᠭ ᠲᠠᠷᠢᠬᠢᠨ ᠲᠦᠭᠵᠢᠷᠡᠯ ᠤᠨ | ᠡᠪᠡᠳᠴᠢᠨ ᠢ ᠤᠷᠢᠳᠴᠢᠯᠠᠨ ᠪᠠᠶᠢᠴᠠᠭᠠᠵᠤ ᠣᠯᠣᠭᠰᠠᠨ ᠡᠪᠡᠳᠴᠢᠲᠡᠨ᠂ ᠡᠷᠲᠡ ᠰᠡᠷᠭᠡᠶᠢᠯᠡᠵᠦ ᠡᠷᠲᠡ ᠡᠮ ᠬᠡᠷᠡᠭᠯᠡᠬᠦ | ᠠᠷᠭ᠎ᠠ ᠪᠠᠷ ᠡᠪᠡᠳᠴᠢᠨ ᠤ ᠪᠠᠶᠢᠳᠠᠯ ᠤᠨ ᠢᠶᠠᠨ ᠤᠯᠠᠮ ᠨᠢᠭᠡ ᠠᠯᠬᠤᠮ ᠬᠥᠭᠵᠢᠬᠦ ᠶᠢ ᠰᠡᠷᠭᠡᠶᠢᠯᠡᠪᠡ᠃ | ᠲᠠᠨᠢᠯᠴᠠᠭᠤᠯᠤᠭᠰᠠᠨ ᠢᠶᠠᠷ᠂ ᠤᠯᠠᠮᠵᠢᠯᠠᠯᠲᠤ ᠡᠮᠨᠡᠯᠭᠡ ᠶᠢᠨ ᠬᠤᠷᠢᠶᠠᠨ ᠤ ᠡᠮᠦᠨᠡᠬᠢ ᠲᠦᠷᠭᠡᠨ ᠠᠪᠤᠷᠠᠯᠲᠠ ᠨᠢ | ᠵᠥᠪᠬᠡᠨ ᠡᠪᠡᠳᠴᠢᠲᠡᠨ ᠢ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠨ ᠪᠠᠶᠢᠴᠠᠭᠠᠯᠲᠠ ᠬᠢᠯᠭᠡᠵᠦ | ᠳᠡᠶᠢᠯᠦᠨ᠎ᠡ᠂ ᠬᠠᠷᠢᠨ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠲᠡᠭᠡᠭᠡᠪᠦᠷᠢ ᠤᠨ CT ᠨᠢ ᠡᠮᠨᠡᠯᠭᠡ ᠶᠢᠨ | ᠬᠤᠷᠢᠶᠠᠨ ᠤ ᠡᠮᠦᠨᠡᠬᠢ ᠱᠠᠲᠤᠨ ᠳᠠᠬᠢ ᠨᠠᠷᠢᠯᠢᠭ ᠣᠨᠣᠪᠴᠢᠲᠠᠢ ᠡᠮᠴᠢᠯᠡᠭᠡ ᠶᠢ ᠪᠣᠳᠠᠲᠤ ᠠᠬᠤᠢ ᠪᠣᠯᠭᠠᠭᠰᠠᠨ ᠪᠠᠶᠢᠨ᠎ᠠ | ᠃ ᠰᠢᠯᠵᠢᠮᠡᠯ ᠰᠠ ᠳᠠᠭᠠᠷᠢᠬᠤ ᠠᠪᠤᠷᠠᠯᠲᠠ ᠶᠢᠨ ᠲᠡᠷᠭᠡ ᠡᠪᠡᠳᠴᠢᠲᠡᠨ ᠢ ᠲᠤᠰᠴᠤ ᠠᠪᠣᠭᠰᠠᠨ ᠤ ᠳᠠᠷᠠᠭ᠎ᠠ᠂ 10 | ᠮᠢᠨᠦ᠋ᠲ ᠤᠨ ᠳᠣᠲᠣᠷ᠎ᠠ ᠡᠮᠦᠨᠡᠬᠢ ᠬᠤᠭᠤᠴᠠᠭᠠᠨ ᠤ ᠬᠡᠷᠡᠭᠰᠡᠬᠦ ᠪᠠᠶᠢᠴᠠᠭᠠᠯᠲᠠ ᠶᠢ ᠪᠡᠶᠡᠯᠡᠭᠦᠯᠵᠦ᠂ 5G | ᠰᠦᠯᠵᠢᠶᠡᠨ ᠤ ᠳᠠᠮᠵᠢᠭᠤᠯᠬᠤ ᠰᠢᠰᠲ᠋ᠧᠮ ᠢᠶᠠᠷ ᠠᠷᠤ ᠲᠠᠪᠴᠠᠩ ᠳᠤ ᠵᠡᠷᠭᠡᠪᠡᠷ ᠳᠠᠮᠵᠢᠭᠤᠯᠵᠤ᠂ ᠡᠮᠴᠢ ᠨᠠᠷ | ᠳᠠᠮᠵᠢᠭᠤᠯᠤᠭᠳᠠᠨ ᠢᠷᠡᠭᠰᠡᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠷ ᠣᠨᠣᠰᠢᠯᠠᠯᠲᠠ ᠬᠢᠵᠦ᠂ | ᠡᠪᠡᠳᠴᠢᠲᠡᠨ ᠳᠤ ᠠᠪᠤᠷᠠᠨ ᠵᠠᠰᠠᠬᠤ ᠲᠥᠰᠦᠯ ᠢ ᠴᠠᠭ ᠲᠤᠬᠠᠶ ᠳᠤ ᠨᠢ ᠳᠤᠷᠠᠳᠤᠨ ᠭᠠᠷᠭᠠᠨ ᠦᠭᠴᠦ᠂ ᠲᠦᠷᠭᠡᠨ | ᠠᠪᠤᠷᠠᠯᠲᠠ ᠶᠢᠨ ᠴᠠᠭ ᠤᠨ ᠥᠷᠲᠡᠭ ᠢ ᠶᠡᠭᠡ ᠪᠠᠷ ᠪᠠᠭᠠᠰᠬᠠᠵᠤ᠂ ︽ᠲᠡᠷᠭᠡᠨ ᠳᠤ ᠭᠠᠷᠪᠠᠯ ᠳᠠᠷᠤᠶ ᠡᠮᠨᠡᠯᠭᠡ ᠳᠤ | ᠣᠷᠣᠵᠣ᠂ ᠡᠮᠨᠡᠯᠭᠡ ᠳᠤ ᠣᠷᠣᠪᠠᠯ ᠳᠠᠷᠤᠶ ᠡᠮᠨᠡᠨ ᠵᠠᠰᠠᠬᠤ︾ ᠴᠣ ᠰᠢᠨ᠎ᠡ ᠣᠨᠣᠰᠢᠯᠠᠨ ᠡᠮᠨᠡᠬᠦ ᠵᠠᠭᠪᠤᠷ ᠢ ᠦᠨᠡᠨ ᠬᠦ | ᠪᠡᠶᠡᠯᠡᠭᠦᠯᠪᠡ᠃ | ︽2024 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ 2024 ᠣᠨ ᠤ ᠳᠤᠮᠳᠠᠳᠤ ᠤᠯᠤᠰ ᠤᠨ | ᠲᠠᠷᠢᠬᠢᠨ ᠰᠠ ᠶᠢᠨ ᠶᠡᠭᠡ ᠬᠤᠷᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶ᠎ᠠ ᠠᠯᠤᠰ ᠠᠴᠠ ᠰᠠ ᠳᠠᠭᠠᠷᠢᠬᠤ ᠪᠠ ᠣᠶᠤᠨᠴᠢ ᠡᠮᠴᠢᠯᠡᠭᠡᠨ ᠤ ᠬᠤᠪᠢᠶᠠᠷᠢ ᠬᠤᠷᠠᠯ ᠤᠨ | ᠲᠠᠯᠠᠪᠠᠶ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ — ᠰᠢᠯᠵᠢᠮᠡᠯ ᠰᠠ | ᠳᠠᠭᠠᠷᠢᠬᠤ ᠪᠠᠷ ᠡᠮᠨᠡᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠤ ᠲᠥᠷᠥᠯ ᠵᠦᠢᠯ ᠤᠨ ︿ᠳᠠᠷᠬᠠᠨ | ᠮᠤᠤᠮᠢᠩᠭᠠᠨ ᠤ ᠬᠤᠪᠢᠶᠠᠷᠢ ᠲᠥᠪ﹀ ᠪᠣᠯᠵᠣ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠰᠢᠤᠸᠠᠨ ᠡᠤ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠰᠡᠨ ︿5G ᠰᠢᠯᠵᠢᠮᠡᠯ ᠰᠠ ᠳᠠᠭᠠᠷᠢᠬᠤ ᠠᠪᠤᠷᠠᠨ ᠵᠠᠰᠠᠬᠤ | ᠰᠢᠰᠲ᠋ᠧᠮ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠤ ᠲᠤᠷᠰᠢᠯᠲᠠ ᠶᠢᠨ ᠢᠨᠵᠧᠨᠧᠷᠢᠩ ᠳᠤ ᠰᠠᠭᠤᠷᠢᠯᠠᠭᠤᠯᠬᠤ﹀ | ᠲᠥᠷᠥᠯ ᠵᠦᠢᠯ ᠳᠤ ᠣᠷᠣᠯᠴᠠᠵᠠᠶ᠃ ︿5G ᠰᠢᠯᠵᠢᠮᠡᠯ ᠰᠠ ᠳᠠᠭᠠᠷᠢᠬᠤ ᠨᠢᠭᠡᠴᠢ﹀ ᠨᠢ 5G ᠰᠦᠯᠵᠢᠶ᠎ᠡ ᠳᠤ | ᠰᠠᠭᠤᠷᠢᠯᠠᠨ᠂ ᠡᠪᠡᠳᠴᠢᠲᠡᠨ ᠤ ᠠᠮᠢ ᠨᠠᠰᠤᠨ ᠤ ᠠᠮᠤᠷ ᠲᠦᠪᠰᠢᠨ ᠢ ᠲᠦᠢᠯ ᠤᠨ ᠶᠡᠭᠡ ᠪᠠᠷ ᠪᠠᠲᠤᠯᠠᠭᠰᠠᠨ ᠪᠠᠶᠢᠨ᠎ᠠ᠃ | ᠡᠨᠡ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠢᠨᠠᠭᠰᠢᠯᠠᠪᠠᠯ ᠡᠷᠬᠢᠨ ᠲᠣᠭᠤᠷᠢᠨ ᠤ ᠭᠠᠵᠠᠷ ᠣᠷᠣᠨ ᠳᠤ | ᠂ ᠰᠠ ᠡᠪᠡᠳᠴᠢᠨ ᠳᠤ ᠨᠡᠷᠪᠡᠭᠳᠡᠭᠰᠡᠳ ᠤᠨ ᠦᠬᠦᠬᠦ ᠨᠣᠷᠮ᠎ᠠ᠂ ᠵᠡᠮᠳᠡᠭ ᠪᠣᠯᠬᠤ ᠨᠣᠷᠮ᠎ᠠ ᠶᠢ ᠤᠯᠠᠮ ᠨᠢᠭᠡ ᠠᠯᠬᠤᠮ | ᠪᠠᠭᠤᠷᠠᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠡᠭᠰᠡᠨ ᠪᠠᠶᠢᠨ᠎ᠠ︾ ᠭᠡᠵᠡᠶ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠱᠢ ᠸᠧᠨ ᠪᠢᠨ ᠤ | ᠲᠠᠨᠢᠯᠴᠠᠭᠤᠯᠤᠭᠰᠠᠨ ᠢᠶᠠᠷ᠂ 5G ᠰᠢᠯᠵᠢᠮᠡᠯ ᠰᠠ ᠳᠠᠭᠠᠷᠢᠬᠤ ᠶᠢᠨ ᠬᠡᠷᠡᠭᠯᠡᠭᠡ ᠨᠢ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠤᠰᠢᠭᠤᠨ ᠤ ᠳᠣᠲᠣᠷᠠᠬᠢ ᠰᠠ ᠳᠠᠭᠠᠷᠢᠬᠤ ᠠᠪᠤᠷᠠᠨ ᠵᠠᠰᠠᠯᠲᠠ ᠶᠢᠨ ᠰᠢᠯᠵᠢᠮᠡᠯ ᠰᠠ | ᠳᠠᠭᠠᠷᠢᠬᠤ ᠨᠢᠭᠡᠴᠢ ᠶᠢᠨ ᠠᠪᠤᠷᠠᠯᠲᠠ ᠶᠢᠨ ᠬᠡᠪᠴᠢᠶᠡᠨ ᠳᠠᠬᠢ ᠬᠤᠭᠤᠰᠣᠨ ᠢ ᠨᠦᠬᠦᠪᠦᠷᠢᠯᠡᠬᠦ ᠶᠢᠨ ᠬᠠᠮᠲᠤ ᠠᠮᠢ | ᠨᠠᠰᠤ ᠬᠠᠮᠤᠭ ᠤᠨ ᠳᠡᠭᠡᠳᠦ ᠭᠡᠬᠦ ︽ᠡᠮᠴᠢᠯᠡᠭᠡᠨ ᠤ ᠬᠤᠷᠳᠤᠴᠠ︾ ᠶᠢ ᠢᠯᠡᠷᠡᠭᠦᠯᠪᠡ᠃ ᠲᠠᠷᠠᠭᠠᠴᠢ ᠶᠢᠨ | ᠠᠯᠬᠤᠮ ᠳᠤ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠰᠢᠤᠸᠠᠨ ᠡᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽5G ᠰᠢᠯᠵᠢᠮᠡᠯ ᠰᠠ ᠳᠠᠭᠠᠷᠢᠬᠤ | ᠠᠪᠤᠷᠠᠨ ᠵᠠᠰᠠᠬᠤ ᠰᠢᠰᠲ᠋ᠧᠮ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠤ ᠲᠤᠷᠰᠢᠯᠲᠠ ᠶᠢᠨ ᠢᠨᠵᠧᠨᠧᠷᠢᠩ ᠳᠤ | ᠰᠠᠭᠤᠷᠢᠯᠠᠭᠤᠯᠬᠤ︾ ᠲᠥᠷᠥᠯ ᠵᠦᠢᠯ ᠤᠨ ᠬᠦᠭᠵᠢᠯᠲᠡ ᠶᠢ ᠶᠡᠬᠡᠪᠡᠷ ᠠᠬᠢᠭᠤᠯᠵᠤ᠂ ᠲᠡᠷᠢᠭᠦᠨ ᠤ ᠡᠮᠴᠢᠯᠡᠭᠡᠨ ᠤ | ᠮᠡᠷᠭᠡᠵᠢᠯ᠂ ᠴᠢᠨᠠᠷ ᠰᠠᠶᠢᠲᠠᠶ ᠰᠢᠨᠵᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠳᠠᠷᠬᠠᠨ ᠮᠤᠤᠮᠢᠩᠭᠠᠨ | ᠬᠤᠰᠢᠭᠤᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ᠂ ᠡᠪᠡᠳᠴᠢᠨ ᠡᠮᠭᠡᠭ ᠤᠨ ᠡᠮᠦᠨ᠎ᠡ | ᠴᠠᠭ ᠢ ᠠᠮᠵᠢᠨ᠎ᠠ᠃ |