ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠷᠠᠯᠢᠭᠴᠢᠨ ᠤ ᠪᠦᠲᠦᠭᠡᠯ ᠨᠢ ᠲᠤᠮᠳᠠᠳᠤ ᠤᠯᠤᠰ ᠤᠨ ᠰᠠᠨ ᠹᠷᠠᠨᠰᠢᠰᠺᠦ ᠳᠤ ᠰᠠᠭᠤᠭ᠎ᠠ ᠶᠡᠷᠦᠩᠬᠡᠶ ᠺᠤᠨᠰᠦ᠋ᠢᠯ ᠤᠨ ᠭᠠᠵᠠᠷ ᠲᠤ ᠬᠤᠷᠢᠶᠠᠨ ᠬᠠᠳᠠᠭᠠᠯᠠᠭᠳᠠᠨ ᠲᠡᠯᠭᠡᠨ ᠦᠵᠡᠬᠦᠯᠦᠭᠳᠡᠵᠦ᠂ ᠪᠥᠬᠦ ᠤᠯᠤᠰ ᠲᠤ ᠵᠥᠪᠬᠡᠨ 10 ᠪᠦᠲᠦᠭᠡᠯ ᠰᠣᠩᠭᠤᠭᠳᠠᠪᠠ
ᠨᠡᠶᠢᠲᠡᠯᠡᠭᠰᠡᠨ ᠴᠠᠭ᠄
2025/4/2
      3 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠰᠠᠨ ᠹᠷᠠᠨᠰᠢᠰᠺᠦ ᠳᠤ ᠰᠠᠭᠤᠭ᠎ᠠ ᠶᠡᠷᠦᠩᠬᠡᠢ  ᠺᠤᠨᠰᠦ᠋ᠢᠯ ᠤᠨ ᠭᠠᠵᠠᠷ ᠨᠢ ᠳᠤᠮᠳᠠᠳᠤ ᠶᠢᠨ ᠰᠣᠶᠣᠯ ᠢ ᠠᠬᠢᠭᠤᠯᠬᠤ ᠨᠡᠶᠢᠭᠡᠮᠯᠢᠭ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠬᠤᠪᠢᠶᠠᠷᠢ ᠨᠡᠶᠢᠭᠡᠮᠯᠢᠭ ᠲᠤ ᠲᠠᠯᠠᠷᠬᠠᠯ ᠤᠨ ᠵᠠᠬᠢᠳᠠᠯ ᠢᠯᠡᠭᠡᠵᠦ᠂ ᠲᠤᠰ ᠨᠡᠶᠢᠭᠡᠮᠯᠢᠭ  ᠤᠨ 10 ᠴᠠᠭᠠᠰᠤᠨ ᠬᠠᠶᠢᠴᠢᠯᠠᠮᠠᠯ ᠤᠨ ᠪᠦᠲᠦᠭᠡᠯ ᠬᠠᠨᠳᠢᠪᠯᠠᠭᠰᠠᠨ ᠳᠤ ᠲᠠᠯᠠᠷᠬᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠷ ᠤᠷᠠᠯᠠᠯ ᠤᠷᠠᠨ ᠵᠢᠷᠤᠭ ᠤᠨ ᠨᠡᠶᠢᠭᠡᠮᠯᠢᠭ ᠤᠨ ᠲᠡᠷᠢᠭᠦᠯᠡᠭᠴᠢ ᠬᠡᠦ ᡁᠢ ᠷᠦᠩ ᠤᠨ ᠵᠣᠬᠢᠶᠠᠨ ᠪᠦᠲᠦᠭᠡᠭᠰᠡᠨ ᠲᠠᠷᠬᠠᠨ ᠮᠤᠤᠮᠢᠩᠭᠠᠨ ᠤ ᠤᠮᠠᠷᠠᠳᠤ ᠬᠢᠯᠢ ᠶᠢᠨ ᠰᠤᠶᠤᠯ ᠤᠨ ᠭᠤᠤᠯ ᠰᠡᠳᠦᠪ ᠢ ᠲᠤᠰᠬᠠᠭᠰᠠᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠳᠦᠭᠡᠯ ︽  ᠮᠤᠷᠢᠨ ᠬᠡᠯᠡᠳᠡᠨ︾  ᠰᠤᠩᠭᠤᠭᠳᠠᠪᠠ᠃     ᠳᠤᠮᠳᠠᠳᠤ ᠶᠢᠨ ᠰᠣᠶᠣᠯ ᠢ ᠠᠬᠢᠭᠤᠯᠬᠤ ᠨᠡᠢᠭᠡᠮᠯᠢᠭ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠬᠤᠪᠢᠶᠠᠷᠢ ᠨᠡᠢᠭᠡᠮᠯᠢᠭ  ᠤᠨ ᠰᠦᠯᠵᠢᠶ᠎ᠡ ᠪᠠᠷ ᠢᠷᠡᠬᠦᠯᠦᠭᠰᠡᠨ ᠲᠠᠯᠠᠷᠬᠠᠯ ᠤᠨ ᠵᠠᠬᠢᠳᠠᠯ ᠪᠠ ᠳᠡᠯᠭᠡᠨ ᠦᠵᠡᠭᠦᠯᠬᠦ ᠦᠨᠡᠮᠯᠡᠯ ᠢ ᠣᠯᠤᠭᠠᠳ  ᠬᠡᠦ ᡁᠢ ᠷᠦᠩ ᠡᠨᠡ ᠨᠢ ᠦᠨᠡᠨ ᠭᠡᠳᠡᠭ ᠢ ᠢᠳᠡᠭᠡᠬᠦ ᠦᠭᠡᠢ᠂ ᠳᠡᠯᠭᠡᠨ ᠦᠵᠡᠬᠦᠯᠭᠡ ᠳᠤ ᠣᠷᠣᠯᠴᠠᠭᠰᠠᠨ ᠨᠥᠭᠦᠭᠡ ᠨᠢᠭᠡ ᠤᠷᠠᠯᠢᠭᠴᠢᠨ ᠲᠠᠢ ᠶᠠᠷᠢᠯᠴᠠᠭᠰᠠᠨ ᠤ ᠳᠠᠷᠠᠭ᠎ᠠ ᠰᠠᠶ᠋ᠢ ᠡᠨᠡ ᠪᠣᠯ ᠦᠨᠡᠨ ᠭᠡᠳᠡᠭ ᠢ ᠮᠡᠳᠡᠵᠡᠢ᠃ ︽  ᠮᠠᠰᠢ ᠰᠠᠨᠠᠭᠠᠨ ᠠᠴᠠ ᠭᠠᠳᠠᠭᠤᠷ ᠂ ᠡᠨᠡ ᠪᠣᠯ ᠬᠡᠳᠦᠨ ᠵᠢᠯ ᠤᠨ ᠡᠮᠦᠨᠡᠬᠢ ᠨᠢᠭᠡ ᠪᠥᠲᠥᠭᠡᠯ ᠪᠥᠭᠡᠳ ᠳᠤᠮᠳᠠᠳᠤ ᠤᠯᠤᠰ ᠤᠨ ᠰᠠᠨ ᠹᠷᠡᠨᠰᠢᠰᠺᠦ ᠳᠤ ᠰᠠᠭᠤᠭ᠎ᠠ ᠶᠡᠷᠦᠩᠬᠡᠶ ᠺᠤᠨᠰᠦ᠋ᠢᠯ ᠤᠨ ᠭᠠᠵᠠᠷ ᠲᠤ  ᠬᠤᠷᠢᠶᠠᠨ  ᠬᠠᠳᠠᠭᠠᠯᠠᠭᠳᠠᠨ ᠲᠡᠯᠬᠡᠨ ᠦᠵᠡᠬᠦᠯᠭᠡ ᠳᠤ  ᠤᠷᠤᠯᠴᠠᠨ᠎ᠠ ᠭᠡᠵᠦ ᠪᠣᠳᠣᠵᠤ ᠣᠯᠤᠭ᠎ᠠ ᠦᠭᠡᠶ︾ ᠬᠡᠵᠦ  ᠬᠡᠦ ᡁᠢ  ᠷᠦᠩ ᠬᠡᠯᠡᠵᠦ᠂ ᠡᠨᠡ ᠨᠢ ᠥᠪᠡᠷ  ᠲᠤ ᠨᠢ  ᠲᠤᠩ ᠶᠡᠭᠡ ᠵᠣᠷᠢᠭᠵᠢᠭᠤᠯᠤᠯ  ᠪᠤᠯᠤᠭᠰᠠᠨ ᠪᠦᠭᠡᠳ ᠲᠡᠭᠦᠨ ᠤ ᠴᠠᠭᠠᠰᠤᠨ ᠬᠠᠶᠢᠴᠢᠯᠠᠮᠠᠯ ᠤᠨ ᠡᠨᠡᠬᠦ ᠵᠠᠮ ᠳᠡᠭᠡᠷ᠎ᠡ ᠦᠷᠭᠦᠯᠵᠢᠯᠡᠨ ᠵᠤᠷᠢᠭᠳᠠᠢ ᠤᠷᠤᠭᠰᠢᠯᠠᠬᠤ ᠶᠢ  ᠪᠠᠲᠤᠳᠬᠠᠵᠠᠶ᠃      ᠬᠡᠦ ᡁᠢ ᠷᠦᠩ ᠡᠷᠬᠢᠴᠡᠬᠦᠯᠦᠭᠰᠡᠨ ᠨᠢ᠂ 2023 ᠣᠨ ᠤ 5 ᠰᠠᠷ᠎ᠠ ᠳᠤ᠂ ᠲᠡᠷᠡ ᠴᠠᠭᠠᠰᠤᠨ ᠬᠠᠶᠢᠴᠢᠯᠠᠮᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ᠂ ᠤᠷᠠᠨ ᠵᠢᠷᠤᠭ ᠤᠨ ᠳᠡᠭᠡᠳᠦ ᠰᠤᠷᠭᠠᠭᠤᠯᠢ ᠠᠴᠠ ᠳᠠᠭᠠᠭᠠᠨ ᠡᠷᠭᠢᠯᠡᠭᠰᠡᠨ 2022 ᠣᠨ ᠤ ︽ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠤᠳᠤᠯᠤᠨ ᠰᠤᠷᠤᠯᠴᠠᠬᠤ ᠲᠥᠯᠥᠪᠯᠡᠭᠡ︾ - ︽ᠮᠣᠩᠭᠤᠯ ᠦᠨᠳᠦᠰᠦᠲᠡᠨ ᠤ ᠬᠠᠳᠬᠤᠮᠠᠯ︾ ᠤᠨ ᠰᠤᠳᠤᠯᠤᠨ ᠰᠤᠷᠤᠯᠴᠠᠬᠤ ᠠᠩᠭᠢ᠂ ︽ᠴᠠᠭᠠᠰᠤᠨ ᠬᠠᠶᠢᠴᠢᠯᠠᠮᠠᠯ︾ ᠤᠨ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠲᠤᠬᠠᠶ ᠶᠢᠨ ᠦᠶ᠎ᠡ ᠶᠢᠨ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠤᠷᠠᠯᠢᠭᠴᠢᠨ ᠨᠢᠭᠡᠪᠦᠷᠢ ᠶᠢ  ᠨᠢᠬᠡ ᠪᠦᠲᠦᠭᠡᠯ ᠲᠤᠰᠢᠶᠠᠬᠤ ᠶᠢ ᠱᠠᠭᠠᠷᠳᠠᠵᠤ᠂ ᠲᠡᠷᠡ ᠡᠨᠡ ᠬᠦ ︽ᠮᠣᠷᠢᠨ ᠬᠡᠯᠡᠳᠡᠨ︾ ᠬᠡᠮᠡᠬᠦ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠪᠡᠶᠡᠯᠡᠭᠦᠯᠦᠭᠰᠡᠨ ᠪᠥᠭᠡᠳ ᠪᠣᠯᠪᠠᠰᠤᠷᠠᠯ ᠤᠨ ᠠᠩᠭᠢ ᠳᠤ  ᠪᠠᠨ ᠲᠤᠰᠢᠶᠠᠪᠠ ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠡᠳᠡᠭᠡᠷ ᠲᠤᠰᠢᠶᠠᠭᠰᠠᠨ ᠪᠦᠲᠦᠭᠡᠯ  ᠢ ᠨᠢᠭᠡ ᠳᠡᠪᠲᠡᠷ ᠨᠣᠮ  ᠪᠤᠯᠭᠠᠨ ᠡᠮᠬᠢᠳᠬᠡᠨ ᠭᠡᠪᠯᠡᠬᠦᠯᠵᠦ᠂  ᠡᠨᠡ ᠪᠦᠲᠦᠭᠡᠯ ᠢ ᠨᠣᠮ ᠤᠨ ᠭᠠᠳᠠᠷ ᠤᠨ ᠵᠢᠷᠤᠭ ᠪᠤᠯᠭᠠᠨ᠂ ᠤᠳᠤ ᠨᠢᠭᠡᠨᠳᠡ ᠬᠤᠶᠠᠷ ᠵᠢᠯ ᠥᠩᠭᠡᠷᠡᠵᠡᠢ᠂ ᠡᠨᠡ ᠬᠦ ᠴᠠᠭᠠᠰᠤᠨ ᠬᠠᠶᠢᠴᠢᠯᠠᠮᠠᠯ ᠤᠨ ᠪᠦᠲᠦᠭᠡᠯ ᠮᠢᠨᠢ ᠳᠤᠮᠳᠠᠳᠤ ᠤᠯᠤᠰ ᠤᠨ ᠰᠠᠨ ᠹᠷᠠᠨᠰᠢᠰᠺᠦ ᠰᠠᠭᠤᠭ᠎ᠠ ᠶᠡᠷᠦᠩᠬᠡᠢ ᠺᠤᠨᠰᠦ᠋ᠢᠯ ᠤᠨ ᠭᠠᠵᠠᠷ ᠲᠤ ᠬᠤᠷᠢᠶᠠᠨ ᠬᠠᠳᠠᠭᠠᠯᠠᠭᠳᠠᠨ ᠦᠵᠡᠭᠦᠯᠭᠡ ᠳᠤ ᠤᠷᠤᠯᠴᠠᠨ᠎ᠠ  ᠭᠡᠵᠦ  ᠶᠡᠷᠦ ᠪᠤᠳᠤᠵᠤ  ᠪᠠᠶᠢᠭᠰᠠᠨ ᠦᠭᠡᠢ᠃      1972 ᠣᠨ ᠳᠤ ᠲᠥᠷᠥᠭᠰᠡᠨ ᠬᠡᠦ ᡁᠢ ᠷᠦᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠬᠥᠮᠦᠨ᠂ ᠬᠠᠷᠠᠬᠠᠨ ᠪᠠᠭ᠎ᠠ ᠠᠴᠠ ᠪᠠᠨ ᠴᠠᠭᠠᠰᠤᠨ ᠬᠠᠶᠢᠴᠢᠯᠠᠮᠠᠯ ᠪᠠ ᠭᠤᠯᠢᠷ ᠤᠨ ᠱᠤᠭᠤᠮᠠᠯ ᠳᠤ ᠲᠤᠷ᠎ᠠ ᠪᠠᠬ᠎ᠠ ᠲᠠᠢ᠂ ᠣᠲᠣ ᠪᠤᠭᠤᠲᠤ ᠬᠤᠲᠠ ᠶᠢᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠷ ᠤᠷᠠᠯᠠᠯ ᠤᠨ ᠨᠡᠶᠢᠭᠡᠮᠯᠢᠭ ᠤᠨ ᠲᠡᠷᠢᠭᠦᠯᠡᠭᠴᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠬᠤᠯᠪᠣᠭᠠᠲᠤ ᠬᠤᠷᠠᠯ ᠤᠨ ᠪᠠᠶᠢᠩᠭᠤ ᠶᠢᠨ ᠳᠡᠳ᠋ ᠳᠠᠷᠤᠭ᠎ᠠ  ᠪᠤᠯᠤᠨ᠎ᠠ ᠃     ︽ᠣᠳᠣᠬᠠᠨ ᠳᠤ ᠮᠢᠨᠦ ᠵᠣᠬᠢᠶᠠᠨ ᠪᠦᠲᠦᠭᠡᠭᠰᠡᠨ ᠭᠤᠣᠯ ᠴᠢᠭᠯᠡᠯ ᠪᠣᠯ ᠬᠠᠳᠠᠨ ᠵᠢᠷᠤᠭ ᠪᠣᠯᠣᠨ᠎ᠠ᠂ ᠨᠢᠳᠤᠨᠤᠨ ᠠᠴᠠ ᠡᠬᠢᠯᠡᠨ᠂ ᠪᠢ ᠡᠯ᠎ᠡ ᠭᠠᠵᠠᠷ ᠲᠤ ᠡᠳᠡᠭᠡᠷ ᠬᠠᠳᠠᠨ ᠵᠢᠷᠤᠭ ᠢ ᠦᠵᠡᠵᠦ᠂ ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠤᠨ᠂ ᠨᠢᠭᠡᠨᠲᠡ ᠨᠢᠭᠡ ᠪᠦᠯᠦᠭ ᠠᠷᠠᠰᠤᠨ ᠬᠠᠳᠠᠨ ᠵᠢᠷᠤᠭ ᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠵᠦ᠂ ᠬᠠᠳᠠᠨ ᠵᠢᠷᠤᠭ ᠤᠨ ᠬᠤᠯᠪᠣᠭᠳᠠᠯ ᠪᠦᠬᠦᠢ ᠰᠣᠶᠣᠯ ᠤᠨ ᠡᠭᠦᠳᠦᠯᠲᠡ ᠶᠢᠨ ᠪᠦᠲᠦᠭᠡᠯ ᠢ ᠰᠤᠳᠤᠯᠵᠤ ᠪᠠᠶᠢᠨ᠎ᠠ︾ ᠬᠡᠵᠦ ᠬᠡᠦ ᡁᠢ ᠷᠦᠩ ᠬᠡᠯᠡᠨ᠂ ᠢᠷᠡᠭᠡᠳᠦᠢ ᠳᠤ ᠲᠡᠷᠡ ᠦᠷᠭᠦᠯᠵᠢᠯᠡᠨ ᠳᠠᠷᠬᠠᠨ ᠮᠤᠤᠮᠢᠩᠭᠠᠨ ᠤ ᠲᠡᠦᠬᠡ ᠰᠣᠶᠣᠯ ᠳᠤ ᠰᠠᠭᠤᠷᠢᠯᠠᠵᠤ᠂ ᠲᠠᠷᠬᠠᠨ ᠮᠤᠤᠮᠢᠩᠭᠠᠨ ᠤ ᠤᠮᠠᠷᠠᠲᠤ ᠬᠢᠯᠢ ᠶᠢᠨ ᠰᠣᠶᠣᠯ ᠤᠨ ᠭᠤᠤᠯ ᠰᠡᠳᠦᠪ ᠢ ᠲᠤᠰᠬᠠᠭᠰᠠᠨ ᠴᠠᠭᠠᠰᠤᠨ ᠬᠠᠶᠢᠴᠢᠯᠠᠮᠠᠯ ᠤᠨ ᠠᠯᠢ ᠣᠯᠠᠨ ᠪᠦᠲᠦᠭᠡᠯ ᠢ ᠵᠣᠬᠢᠶᠠᠨ ᠪᠦᠲᠦᠭᠡᠵᠦ᠂ ᠥᠪᠡᠷ ᠤᠨ ᠪᠦᠲᠦᠭᠡᠯ ᠢ ᠨᠢ ᠨᠠᠩ ᠣᠯᠠᠨ ᠬᠥᠮᠦᠰ ᠣᠯᠵᠤ ᠦᠵᠡᠬᠦ  ᠪᠤᠯᠤᠨ᠎ᠠ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号