ᠦᠨᠳᠦᠰᠦᠨ ᠱᠠᠲᠤᠨ ᠤ ᠰᠤᠪᠢᠯᠠᠭᠴᠢ ᠬᠠᠨ ᠰᠦ ᠫᠢᠩ
ᠨᠡᠶᠢᠲᠡᠯᠡᠭᠰᠡᠨ ᠴᠠᠭ᠄
2025/4/2
      ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠮᠴᠢ ᠬᠦᠮᠦᠨ ᠤ ᠡᠨᠡᠷᠢᠩᠭᠦᠢ ᠰᠡᠳᠬᠢᠯ ᠢ  ᠪᠠᠳᠠᠷᠠᠭᠤᠯᠤᠭᠰᠠᠭᠠᠷ      3 ᠰᠠᠷ᠎ᠠ ᠶᠢᠨ 25 ᠤ ᠡᠳᠦᠷ ᠤᠨ ᠥᠷᠯᠥᠭᠡ ᠡᠷᠲᠡ᠂ ᠨᠠᠷᠠᠨ ᠤ ᠭᠡᠷᠡᠯ ᠬᠤᠩᠭᠤᠷᠳᠠᠯ᠎ᠠ ᠲᠣᠰᠬᠤᠨ ᠢ ᠢᠪᠡᠭᠡᠬᠦ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢᠭᠡᠨᠳᠡ ᠳ᠋ᠧᠩ ᠢᠶᠠᠨ ᠠᠰᠠᠭᠠᠭᠰᠠᠨ ᠪᠠᠶᠢᠪᠠ᠃ ᠬᠠᠨ ᠰᠦ ᠫᠢᠩ ᠰᠤᠪᠢᠯᠠᠭᠴᠢ ᠤᠤᠯ ᠤᠨ ᠬᠢ ᠲᠠᠢ ᠪᠠᠨ ᠠᠳᠠᠯᠢ ᠪᠠᠷ ᠡᠷᠲᠡ ᠠᠵᠢᠯ ᠤᠨ ᠪᠠᠶᠢᠷᠢ ᠳᠠᠭᠠᠨ ᠭᠠᠷᠴᠤ᠂ ᠨᠢᠭᠡ ᠡᠳᠦᠷ ᠤᠨ ᠠᠵᠢᠯ ᠢᠶᠠᠨ ᠶᠠᠭᠠᠷᠠᠯᠳᠠᠢ ᠡᠬᠢᠯᠡᠬᠦᠯᠪᠡ᠃      ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠪᠠ᠃ 2024 ᠣᠨ ᠤ 9 ᠰᠠᠷ᠎ᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠰᠤᠪᠢᠯᠠᠭᠴᠢ ᠬᠠᠨ ᠰᠦ ᠫᠢᠩ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠵᠦ᠂ ᠬᠤᠩᠭᠤᠷᠳᠠᠯ᠎ᠠ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠬᠠᠪᠰᠤᠷᠤᠨ ᠲᠡᠳᠬᠦᠬᠦ ᠠᠵᠢᠯ ᠢᠶᠠᠨ ᠡᠬᠢᠯᠡᠨ ᠥᠷᠨᠢᠭᠦᠯᠪᠡ᠃ ︽ᠠᠳᠡᠬᠢ ᠶᠢᠨ ᠬᠡᠪᠴᠢᠶ᠎ᠡ ᠪᠠᠭ᠎ᠠ ᠡᠮᠴᠢᠯᠡᠭᠡᠨ ᠤ ᠡᠬᠢ ᠪᠠᠶᠠᠯᠢᠭ ᠨᠡᠯᠢᠶᠡᠳ ᠬᠢᠵᠠᠭᠠᠷᠲᠠᠢ ᠪᠣᠯᠪᠠᠴᠤ᠂  ᠨᠢᠭᠡ ᠪᠦᠯᠦᠭ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠲᠤ ᠠᠪᠴᠤ ᠬᠡᠯᠡᠪᠡᠯ᠂ ᠨᠢᠭᠡ ᠰᠤᠪᠢᠯᠠᠭᠴᠢ ᠪᠣᠯᠤᠭᠰᠠᠨ ᠤ ᠬᠤᠪᠢ ᠳᠤ᠂ ᠵᠢᠷᠤᠮᠵᠢᠭᠰᠠᠨ ᠰᠤᠪᠢᠯᠠᠯᠲᠠ ᠶᠢᠨ ᠮᠡᠷᠭᠡᠵᠢᠯ ᠢ ᠦᠨᠳᠦᠰᠦᠨ ᠱᠠᠲᠤᠨ ᠳᠤ ᠬᠦᠷᠭᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠰ ᠲᠤ ᠬᠦᠴᠦᠨ ᠴᠢᠳᠠᠯ ᠢᠶᠠᠨ ᠡᠷᠬᠦᠶ᠎ᠡ ᠬᠡᠵᠦ ᠪᠤᠳᠤᠵᠤ ᠪᠠᠶᠢᠨ᠎ᠠ︾ ᠭᠡᠵᠦ ᠬᠠᠨ ᠰᠦ ᠫᠢᠩ ᠬᠡᠯᠡᠪᠡ ᠃      ᠡᠨᠡ ᠠᠵᠢᠯ ᠤᠨ ᠪᠠᠶᠢᠷᠢ ᠳᠤ ᠢᠷᠡᠭᠰᠡᠨ ᠬᠠᠭᠠᠰ ᠵᠢᠯ ᠢᠯᠡᠬᠦᠦ ᠶᠢᠨ ᠬᠤᠭᠤᠴᠠᠭᠠᠨ ᠳᠤ᠂ ᠬᠠᠨ ᠰᠦ ᠫᠢᠩ ᠦᠨᠳᠦᠰᠦᠨ ᠱᠠᠲᠤᠨ ᠤ ᠠᠵᠢᠯ ᠤᠨ ᠣᠷᠴᠢᠨ ᠲᠣᠭᠤᠷᠢᠨ ᠳᠤ ᠦᠳᠲᠡᠷ ᠲᠦᠷᠭᠡᠨ ᠵᠤᠬᠢᠴᠠᠵᠤ᠂ ᠡᠷᠡᠭᠦᠯ ᠬᠠᠮᠠᠭᠠᠯᠠᠯ ᠤᠨ ᠲᠠᠰᠤᠭ ᠲᠤ ᠬᠠᠨ ᠰᠦ ᠫᠢᠩ ᠡᠳᠦᠷ ᠪᠦᠷᠢ ᠵᠡᠭᠦᠦ ᠬᠠᠳᠬᠤᠬᠤ᠂ ᠵᠡᠭᠦᠦ ᠰᠤᠭᠤᠯᠬᠤ᠂ ᠴᠢᠰᠤᠨ ᠳᠠᠷᠤᠯᠲᠠ ᠶᠢ ᠬᠡᠮᠵᠢᠬᠦ᠂ ᠡᠮ ᠨᠠᠶᠢᠷᠠᠭᠤᠯᠬᠤ᠂ ᠡᠮ ᠴᠢᠨᠠᠬᠤ ᠵᠡᠷᠭᠡ ᠠᠵᠢᠯ ᠢ ᠳᠠᠬᠢᠨ ᠳᠠᠪᠲᠠᠨ ᠬᠢᠵᠦ᠂ ᠡᠨᠡᠬᠦ ᠲᠠᠬᠢᠨ ᠲᠠᠪᠳᠠᠯᠳᠠ ᠶᠢᠨ ᠲᠤᠮᠳᠠ ᠡᠭᠦᠷᠭᠡ ᠬᠠᠷᠢᠭᠤᠴᠠᠯᠭ᠎ᠠ ᠪᠠᠨ  ᠪᠠᠷᠢᠮᠳᠠᠯᠠᠭᠰᠠᠭᠠᠷ ᠢᠷᠡᠵᠠᠢ᠃ ᠦᠨᠳᠦᠰᠦᠨ ᠱᠠᠲᠤᠨ ᠤ ᠬᠥᠮᠦᠨ ᠬᠠᠷ᠎ᠠ ᠲᠤᠳᠠᠵᠤ ᠪᠠᠴᠢᠮ ᠪᠠᠶᠢᠬᠤ ᠪᠠᠶᠢᠳᠠᠯ ᠤᠨ ᠲᠤᠤᠷ᠎ᠠ᠂ ᠲᠡᠷᠡ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠬᠢᠲᠠᠳ ᠡᠮ ᠡᠮᠨᠡᠯᠭᠡ ᠶᠢᠨ ᠮᠡᠳᠡᠯᠭᠡ ᠶᠢ ᠰᠤᠷᠤᠯᠴᠠᠵᠤ᠂ ᠡᠮ ᠤᠨ ᠵᠦᠢᠯ ᠤᠨ ᠬᠠᠮᠢᠶᠠᠷᠤᠯᠲᠠ ᠶᠢᠨ ᠶᠠᠪᠤᠴᠠ ᠶᠢ ᠬᠠᠪᠰᠤᠷᠤᠨ ᠵᠢᠷᠤᠮᠵᠢᠭᠤᠯᠵᠤ᠂ ᠬᠢᠲᠠᠳ ᠡᠮ ᠤᠨ ᠬᠡᠷ ᠤᠨ ᠬᠠᠮᠢᠶᠠᠷᠤᠯᠲᠠ᠂ ᠡᠮ ᠨᠠᠶᠢᠷᠠᠭᠤᠯᠵᠤ ᠡᠮ  ᠲᠠᠷᠬᠠᠭᠠᠬᠤ ᠵᠡᠷᠭᠡ ᠤᠯᠠᠨ ᠵᠦᠢᠯ ᠤᠨ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ᠃      ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠲᠠᠰᠤᠷᠠᠯᠲᠠ ᠤᠢᠭᠡᠢ ᠲᠡᠭᠦᠯᠳᠡᠷᠵᠢᠬᠦ ᠶᠢ ᠳᠠᠭᠠᠯᠳᠤᠨ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠠᠭᠠᠵᠢᠮ ᠢᠶᠠᠷ ᠴᠢᠩᠭᠠᠷᠠᠪᠠ᠃ ᠬᠠᠨ ᠰᠦ ᠫᠢᠩ ᠬᠠᠷᠢᠶᠠᠲᠤ ᠣᠷᠣᠨ ᠤ ᠨᠠᠰᠤᠲᠠᠶᠢᠴᠤᠳ ᠢ ᠣᠨᠴᠠᠭᠠᠶᠢᠯᠠᠨ ᠠᠩᠬᠠᠷᠴᠤ᠂ ᠦᠷᠭᠦᠯᠵᠢ ᠡᠮ ᠬᠡᠷᠡᠭᠯᠡᠬᠦ ᠶᠢ ᠬᠦᠯᠢᠴᠡᠩᠭᠦᠢ ᠪᠠᠷ ᠵᠢᠯᠣᠭᠤᠳᠴᠤ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠰᠠᠨᠠᠭᠠᠴᠢᠯᠠᠭ᠎ᠠ ᠠᠴᠠ ᠪᠠᠨ ᠬᠠᠩᠭᠠᠳᠠᠭ᠃ ᠶᠠᠭ ᠡᠮ ᠶᠡᠭᠦᠯᠡᠵᠦ ᠪᠠᠶᠢᠭ᠎ᠠ ᠲᠣᠰᠬᠤᠨ ᠤ ᠠᠷᠠᠳ ᠸᠠᠩ ᠠᠪᠠᠭ᠎ᠠ ᠡᠷᠡᠬᠡᠢ ᠬᠤᠷᠤᠭᠤ ᠪᠠᠨ ᠭᠤᠵᠤᠶᠢᠯᠭᠠᠨ᠄ ︽ᠬᠠᠨ ᠰᠤᠪᠢᠯᠠᠭᠴᠢ ᠶᠢᠨ ᠮᠡᠷᠭᠡᠵᠢᠯ  ᠬᠡᠳᠦᠶᠢᠵᠦ ᠂ ᠣᠪᠣᠷ ᠨᠢ ᠴᠦ ᠰᠠᠶᠢᠨ᠂ ᠵᠡᠭᠦᠦ ᠴᠣᠬᠢᠬᠤ ᠨᠢ ᠡᠪᠡᠳᠬᠦ ᠦᠭᠡᠢ᠂ ᠪᠠᠰᠠ ᠮᠠᠨ ᠤ ᠡᠳᠦᠷ ᠲᠤᠲᠤᠮ ᠤᠨ ᠲᠣᠬᠢᠷᠠᠭᠤᠯᠤᠯᠲᠠ ᠳᠤ ᠰᠠᠨᠠᠭ᠎ᠠ ᠪᠤᠯᠵᠤ᠂  ᠨᠠᠳᠠ ᠳᠤ ᠮᠢᠨᠤ ᠬᠡᠦᠬᠡᠨ ᠠᠴᠠ ᠢᠯᠡᠬᠦᠦ  ᠲᠤᠳᠤᠨᠤ ᠬᠠᠯᠠᠭᠤᠮᠰᠤᠭ ᠪᠠᠶᠢᠳᠠᠭ︾ ᠭᠡᠵᠦ ᠬᠡᠯᠡᠪᠡ᠃      ︽ᠬᠠᠨ ᠰᠤᠪᠢᠯᠠᠭᠴᠢ ᠶᠠᠭ  ᠪᠢᠳᠠᠨ ᠤ ᠰᠠᠨᠠᠭ᠎ᠠ ᠶᠢ ᠠᠮᠠᠷᠠᠵᠢᠭᠤᠯᠵᠤ᠂ ᠲᠡᠭᠦᠨ ᠤ ᠬᠦᠷᠴᠦ ᠢᠷᠡᠭᠰᠡᠨ ᠨᠢ ᠮᠠᠨ ᠤ ᠠᠵᠢᠯ ᠤᠨ ᠳᠠᠷᠤᠯᠲᠠ ᠶᠢ ᠨᠠᠮᠳᠠᠭᠤᠯᠵᠤ᠂ ᠲᠡᠷᠡ ᠠᠵᠢᠯ ᠨᠢᠭᠡᠪᠦᠷᠢ ᠶᠢ ᠨᠠᠷᠢᠨ ᠨᠢᠮᠪᠠᠶ ᠬᠢᠵᠦ᠂ ᠨᠢᠭᠡ ᠤᠳᠠᠭ᠎ᠠ ᠴᠤ ᠠᠯᠳᠠᠭ᠎ᠠ ᠭᠠᠷᠭᠠᠭᠰᠠᠨ ᠥᠬᠡᠶ᠂ ᠡᠪᠡᠳᠴᠢᠲᠡᠨ ᠵᠢᠴᠢ ᠬᠠᠮᠲᠤ ᠠᠵᠢᠯᠯᠠᠭᠴᠢ ᠶᠢᠨ ᠰᠠᠶᠢᠨ ᠦᠨᠡᠯᠡᠯᠲᠡ ᠶᠢ ᠣᠯᠪᠠ︾  ᠬᠡᠵᠦ ᠪᠠᠶ᠋ᠬᠠᠤᠪᠤᠭ᠎ᠠ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠴᠢᠶᠣᠤ ᠷᠦᠢ ᠳ᠋ᠦᠩ ᠶᠠᠷᠢᠵᠤ᠂ ᠨᠡᠩ ᠤᠯᠠᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠠᠪᠰᠤᠷᠤᠨ ᠲᠡᠳᠬᠦᠵᠦ᠂ ᠨᠡᠩ ᠤᠯᠠᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠲᠤᠳᠬᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠳᠤ ᠨᠡᠩ ᠰᠠᠶᠢᠨ  ᠦᠢᠯᠡᠴᠢᠯᠡᠨ᠎ᠡ ᠃     ᠣᠶᠢᠯᠠᠭᠠᠭᠰᠠᠨ ᠢᠶᠠᠷ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠡᠬᠢᠯᠡᠭᠰᠡᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ 13 ᠭᠤᠤᠯᠯᠠᠭᠴᠢ ᠡᠮᠴᠢ ᠰᠤᠪᠢᠯᠠᠭᠴᠢ ᠶᠢ ᠳᠣᠷᠣᠭᠰᠢ ᠪᠠᠭᠤᠯᠭᠠᠵᠤ᠂ ᠡᠭᠦᠨ ᠳᠤ 6 ᠬᠥᠮᠦᠨ ᠢ ᠣᠷᠳᠣ ᠬᠤᠭᠤᠴᠠᠭ᠎ᠠ ᠪᠠᠷ ᠲᠣᠮᠢᠯᠠᠨ ᠰᠠᠭᠤᠯᠭᠠᠵᠠᠢ᠃ ᠬᠠᠨ ᠰᠦ ᠫᠢᠩ ᠤᠨ ᠦᠯᠢᠭᠡᠷ ᠪᠣᠯ ᠶᠠᠭ ᠡᠨᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠮᠵᠢᠯᠲᠠ ᠣᠯᠤᠭᠰᠠᠨ ᠠᠮᠢᠳᠤᠯᠢᠭ ᠵᠢᠷᠤᠭᠯᠠᠯ ᠪᠣᠯᠤᠨ᠎ᠠ᠃ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ᠠᠴᠠ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠬᠦᠷᠲᠡᠯ᠎ᠡ  ᠬᠤᠪᠢᠷᠠᠭᠰᠠᠨ ᠨᠢ ᠠᠵᠢᠯ ᠤᠨ ᠣᠷᠴᠢᠨ ᠲᠣᠭᠤᠷᠢᠨ᠂  ᠬᠤᠪᠢᠷᠠᠭᠰᠠᠨ ᠥᠬᠡᠶ ᠨᠢ ᠡᠮᠴᠢ ᠶᠢᠨ ᠡᠨᠡᠷᠢᠩᠭᠦᠶ ᠰᠡᠳᠬᠢᠯ᠃ ᠬᠠᠨ ᠰᠦ᠋ ᠫᠢᠩ ᠮᠡᠲᠦ ᠶᠢᠨ ᠲᠦᠭ ᠲᠦᠮᠡᠨ ᠦᠨᠳᠦᠰᠦᠨ ᠱᠠᠲᠤᠨ ᠤ ᠡᠮᠴᠢ ᠰᠤᠪᠢᠯᠠᠭᠴᠢᠳ ᠤᠨ  ᠪᠠᠷᠢᠮᠳᠠᠯᠠᠭ᠎ᠠ ᠳᠣᠣᠷ᠎ᠠ᠂ ᠮᠠᠯᠴᠢᠨ ᠲᠠᠷᠢᠶᠠᠴᠢᠨ ᠤ ︽ᠭᠡᠷ ᠤᠨ ᠡᠭᠦᠳᠡ︾  ᠳᠤ ᠪᠠᠨ ᠡᠪᠡᠳᠴᠢᠨ ᠦᠵᠡᠭᠦᠯᠬᠦ ᠳᠤ ᠨᠡᠩ ᠳᠥᠭᠦᠮ ᠳᠥᠲᠡ ᠪᠤᠯᠵᠤ᠂ ᠤᠯᠠᠨ ᠲᠦᠮᠡᠨ ᠳᠤ ︽ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠬᠤ︾ ᠵᠣᠯ ᠵᠢᠷᠭᠠᠯ ᠢ ᠠᠪᠴᠢᠷᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号