3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ᠨᠣᠮ ᠤᠩᠰᠢᠬᠤ ᠠᠩᠭᠢ ᠶᠢ ᠸᠢᠳᠢᠤ᠋ ᠶᠢᠨ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ | ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ 31 ᠤ | ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠳᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ | ᠠᠩᠭᠢ ᠶᠢᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠸᠢᠳᠢᠣ᠋ ᠬᠤᠷᠠᠯ ᠳᠤ ᠲᠦᠰᠢᠭᠯᠡᠨ᠂ ᠬᠤᠷᠠᠯ ᠳᠤ | ᠣᠷᠣᠯᠴᠠᠭᠰᠠᠳ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠬᠤᠩ ᠤᠨ ᠬᠢᠭᠰᠡᠨ | ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠶᠢ ᠰᠣᠨᠣᠰᠴᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠲᠤᠬᠠᠶ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ | 31 ᠤ ᠡᠳᠦᠷ ᠤᠨ ᠦᠳᠡ ᠶᠢᠨ ᠬᠤᠶᠢᠨ᠎ᠠ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠪᠦᠬᠦ ᠰᠢᠶᠠᠨ | ᠭᠠᠵᠠᠷ ᠤᠨ ᠲᠡᠰ ᠤᠨ ᠤᠳᠤᠷᠢᠳᠤᠯᠭ᠎ᠠ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠥᠷᠨᠢᠭᠦᠯᠵᠦ᠂ ᠶᠡᠷᠦᠩᠬᠡᠶ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠵᠤᠷᠪᠤᠰ ᠳᠠᠷᠠᠭᠠᠯᠠᠨ ᠰᠤᠷᠤᠯᠴᠠᠵᠤ᠂ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ | ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ ᠠᠷᠭ᠎ᠠ ᠵᠠᠮ ᠢ ᠪᠥᠬᠦ ᠲᠠᠯ᠎ᠠ ᠪᠠᠷ ᠡᠵᠡᠮᠳᠡᠪᠡ᠃ ᠣᠯᠠᠨ ᠢᠶᠠᠷ ᠢᠶᠠᠨ᠂ | ᠲᠣᠰ ᠤᠳᠠᠭᠠᠨ ᠤ ᠨᠣᠮ ᠤᠩᠰᠢᠬᠤ ᠠᠩᠭᠢ ᠪᠠᠷ ᠠᠵᠠ ᠲᠣᠬᠢᠶᠠᠯ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠳᠣᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ | ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠯᠢᠳᠡᠭ ᠰᠤᠷᠲᠠᠯ ᠢᠶᠠᠷ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | ᠪᠥᠬᠦ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ | ᠭᠤᠤᠯ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ 77 | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠸᠢᠳᠢᠣ᠋ ᠶᠢᠨ | ᠲᠤᠰᠬᠠᠶ ᠰᠡᠳᠦᠪᠲᠦ ᠵᠢᠯᠣᠭᠤᠳᠣᠯᠭ᠎ᠠ ᠳᠤ ᠣᠷᠣᠯᠴᠠᠪᠠ᠃ | |