ᠬᠥᠬᠡᠭᠡ ᠡᠪᠦᠯ ᠤᠨ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠷᠬᠠᠨ ᠰᠤᠮᠤ ᠶᠢᠨ | ᠲᠠᠯ᠎ᠠ ᠨᠤᠲᠤᠭ ᠤᠨ ᠭᠦᠨ ᠳᠤ ᠣᠷᠣᠬᠤ ᠳᠤ ᠨᠢᠳᠦ ᠳᠦᠭᠦᠷᠡᠩ ᠬᠦᠪᠡᠭᠡ ᠬᠢᠵᠠᠭᠠᠷ ᠦᠭᠡᠢ ᠴᠠᠭᠠᠨ ᠴᠠᠰᠤ᠂ ᠶᠠᠭ | ᠯᠠ ᠠᠶᠠᠨᠳᠠᠭᠠᠨ ᠪᠦᠷᠢᠯᠳᠦᠭᠰᠡᠨ ᠪᠡᠭᠡ ᠵᠢᠷᠤᠭ ᠮᠡᠲᠦ᠃ ᠭᠡᠨᠡᠳᠲᠡ ᠮᠠᠯᠴᠢᠨ ᠬᠥᠮᠥᠨ ᠤ ᠬᠠᠰᠬᠢᠷᠬᠤ ᠳᠠᠭᠤᠨ᠂ ᠳᠤ | ᠮᠣᠷᠢᠨ ᠲᠤᠭᠤᠷᠠᠢ ᠶᠢᠨ ᠨᠢᠵᠢᠭᠢᠨᠡᠬᠦ ᠳᠠᠭᠤᠨ ︽ᠵᠢᠷᠤᠭ︾ ᠲᠤ ᠣᠷᠣᠯᠳᠤᠨ ᠢᠷᠡᠵᠦ — ᠬᠦᠪᠡᠭᠡ ᠬᠢᠵᠠᠭᠠᠷ ᠦᠭᠡᠢ | ᠴᠠᠭᠠᠨ ᠴᠠᠰᠤᠨ ᠳᠡᠭᠡᠷ᠎ᠡ ᠲᠡᠪᠬᠡᠷᠦᠨ ᠦᠰᠦᠷᠴᠦ᠂ ᠵᠣᠭᠳᠣᠷ ᠨᠢ ᠰᠠᠯᠬᠢᠨ ᠤ ᠠᠶ᠎ᠠ ᠪᠠᠷ ᠪᠥᠵᠢᠭᠯᠡᠨ᠂ ᠥᠷᠨᠢᠭᠦᠨ | ᠪᠠᠳᠠᠷᠠᠩᠭᠤᠶ ᠠᠮᠢᠵᠢᠷᠠᠯ ᠤᠨ ᠬᠦᠴᠦᠨ ᠢ ᠪᠣᠭᠤᠵᠤ᠂ ᠡᠪᠦᠯ ᠤᠨ ᠡᠳᠦᠷ ᠤᠨ ᠲᠠᠯ᠎ᠠ ᠨᠤᠲᠤᠭ ᠢ ᠬᠢᠵᠠᠭᠠᠯᠠᠰᠢ ᠦᠭᠡᠢ | ᠠᠮᠢᠳᠤ ᠳᠦᠷᠰᠦᠯᠢᠭ ᠪᠣᠯᠭᠠᠪᠠ᠃ | ︽ᠡᠨᠡ ᠪᠣᠯ ᠮᠠᠨ ᠤ ᠳᠠᠷᠬᠠᠨ ᠰᠤᠮᠤ ᠶᠢᠨ ᠮᠠᠯᠴᠢᠨ ᠤ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ | ᠬᠤᠷᠰᠢᠶ᠎ᠠ ᠶᠢᠨ ᠮᠣᠷᠢ᠂ ᠮᠠᠯᠴᠢᠳ ᠤᠨ ᠮᠣᠩᠭᠤᠯ ᠮᠣᠷᠢ ᠪᠠᠶᠢᠬᠤ ᠮᠦᠷᠲᠡᠬᠡᠨ ᠪᠠᠰᠠ ᠮᠠᠨ ᠤ ᠰᠢᠨ᠎ᠡ ᠬᠤᠳᠠᠯᠳᠤᠨ | ᠠᠪᠤᠭᠰᠠᠨ ᠴᠤᠬᠤᠷ ᠮᠣᠷᠢ ᠪᠠᠶᠢᠨ᠎ᠠ᠃ ᠪᠢᠳᠡ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︿ | ᠬᠠᠷᠢᠭᠤ ᠲᠠᠢ ᠰᠡᠳᠬᠢᠬᠦᠶ﹀ ᠶᠢ ᠠᠮᠢᠳᠤᠯᠢᠭ ᠢᠶᠠᠷ ᠬᠡᠷᠡᠭᠯᠡᠵᠦ᠂ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠤᠨ᠂ | ᠮᠣᠩᠭᠤᠯ ᠮᠣᠷᠢᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠤᠨ ᠁︾ ᠭᠡᠵᠦ ᠳᠠᠷᠬᠠᠨ ᠰᠤᠮᠤ ᠶᠢᠨ ᠴᠠᠭᠠᠨ | ᠤᠪᠤᠭ᠎ᠠ ᠭᠠᠴᠠᠭᠠᠨ ᠤ ᠱᠦᠵᠢ᠂ ᠮᠠᠯᠴᠢᠨ ᠤ ᠲᠠᠷᠢᠶᠠᠯᠠᠩ ᠮᠠᠯ ᠠᠵᠤ ᠠᠬᠤᠶ ᠲᠤᠰᠬᠠᠶ ᠬᠤᠷᠰᠢᠶᠠᠨ ᠤ | ᠡᠷᠬᠢᠯᠡᠭᠴᠢᠳ ᠤᠨ ᠳᠠᠷᠤᠭ᠎ᠠ ᠪᠠᠲᠤᠮᠤᠴᠤᠭ ᠰᠤᠷᠪᠤᠯᠵᠢᠯᠠᠭᠴᠢ ᠳᠤ ᠬᠡᠯᠡᠪᠡ᠃ | ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠣᠭᠤᠮᠢ ᠬᠢᠵᠠᠭᠠᠷᠯᠠᠯ ᠳᠤ | ᠴᠢᠭᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢ ᠰᠢᠯᠢᠳᠡᠭᠵᠢᠭᠦᠯᠦᠨ ᠨᠠᠷᠢᠯᠢᠭ ᠬᠢᠵᠦ᠂ ᠭᠤᠣᠯᠯᠠᠬᠤ ᠠᠵᠤ | ᠦᠢᠯᠡᠰ ᠤᠨ ᠬᠡᠯᠬᠢᠶ᠎ᠡ ᠶᠢᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠁︾ ︽ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠷᠬᠠᠭ ᠭᠡᠮ ᠳᠤ ᠴᠢᠭᠯᠡᠭᠦᠯᠦᠨ᠂ ᠡᠳ᠋ ᠬᠥᠷᠥᠩᠭᠡ ᠶᠢ ᠠᠮᠢᠯᠠᠭᠤᠯᠬᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠤᠨ᠎ᠠ ᠁︾ ︽ᠥᠭᠡᠷᠡᠴᠢᠯᠡᠯᠲᠡ ᠶᠢᠨ ᠳᠤᠮᠳᠠ ᠭᠠᠷᠬᠤ ᠵᠠᠮ | ᠡᠷᠢᠵᠦ᠂ ᠰᠢᠨ᠎ᠡ ᠶᠢ ᠡᠭᠦᠳᠬᠦ ᠳᠤᠮᠳᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠣᠲᠣᠭᠠᠳᠤ ᠬᠥᠭᠵᠢᠯᠲᠡ ᠶᠢᠨ | ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠨ ᠴᠢᠩᠭᠠᠳᠬᠠᠨ᠎ᠠ︕︾ ᠭᠡᠵᠦ ᠤᠢᠢᠷ᠎ᠠ ᠶᠢᠨ | ᠬᠤᠭᠤᠴᠠᠭᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠬᠦ ᠭᠡᠰᠢᠭᠦᠳ ᠵᠢᠴᠢ ᠪᠦᠬᠦ ᠬᠤᠰᠢᠭᠤᠨ ᠤ | ᠬᠤᠶᠠᠷ ᠬᠤᠷᠠᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠦᠯᠦᠭᠡ ᠰᠢᠨ᠎ᠡ ᠴᠢᠭᠯᠡᠯ ᠢ ᠵᠢᠭᠠᠵᠤ | ᠥᠭᠴᠡᠢ᠃ | ᠳᠠᠷᠬᠠᠨ ᠰᠤᠮᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠭᠦᠨ ᠬᠡᠰᠡᠭ ᠲᠤ ᠪᠠᠶᠢᠷᠢᠯᠠᠵᠤ᠂ ᠨᠢᠭᠡᠨ | ᠴᠤᠯ ᠮᠠᠯ ᠠᠵᠤ ᠠᠬᠤᠢ ᠶᠢᠨ ᠰᠤᠮᠤ ᠪᠣᠯᠤᠨ᠎ᠠ᠂ ᠤᠳᠤ ᠶᠢᠨ ᠪᠠᠶᠢᠭ᠎ᠠ ᠡᠬᠢ ᠪᠠᠶᠠᠯᠢᠭ ᠤᠨ ᠬᠥᠭᠵᠢᠯᠲᠡ ᠶᠢᠨ | ᠪᠣᠭᠤᠮᠢ ᠶᠢ ᠬᠡᠷᠬᠢᠨ ᠰᠢᠪᠲᠤᠯᠵᠤ᠂ ᠡᠬᠢ ᠪᠠᠶᠠᠯᠢᠭ ᠤᠨ ᠠᠰᠢᠭᠯᠠᠯᠲᠠ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ | ᠬᠤᠭᠤᠷᠣᠨᠳᠣᠬᠢ ᠲᠡᠩᠴᠡᠭᠦᠷᠢ ᠶᠢ ᠡᠷᠢᠨ ᠣᠯᠵᠤ᠂ ᠮᠠᠯᠴᠢᠳ ᠤᠨ ᠲᠠᠷᠠᠬᠠᠢ ᠪᠤᠲᠠᠷᠬᠠᠢ ᠡᠵᠡᠩᠨᠡᠯᠲᠡ ᠬᠢᠬᠦ ᠳᠤ | ᠠᠮᠠᠷᠬᠠᠨ ᠡᠭᠦᠰᠬᠦ ᠵᠢᠭᠤᠷᠠᠯᠳᠤᠭᠠᠨ ᠢ ᠰᠢᠢᠳᠪᠦᠷᠢᠯᠡᠬᠦ ᠪᠣᠯ ᠣᠷᠣᠯᠭ᠎ᠠ ᠶᠢ ᠨᠡᠮᠡᠭᠳᠡᠭᠦᠯᠦᠨ ᠬᠥᠭᠵᠢᠭᠦᠯᠬᠦ ᠶᠢ | ᠪᠡᠶᠡᠯᠡᠭᠦᠯᠬᠦ ᠳᠤ ᠡᠷᠬᠡᠪᠰᠢ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠤᠯᠤᠨ᠎ᠠ᠃ | ᠪᠣᠳᠣᠬᠤ ᠳᠤ ᠪᠦᠷ ᠬᠦᠴᠢᠷ᠂ ᠬᠢᠪᠡᠯ ᠰᠠᠶ᠋ᠢ ᠬᠠᠷᠢᠭᠤᠯᠲᠠ ᠲᠠᠢ᠃ ᠨᠢᠭᠡ ᠲᠠᠯ᠎ᠠ ᠪᠠᠷ ᠰᠤᠯᠠ ᠪᠠᠶᠢᠬᠤ ᠡᠬᠢ | ᠪᠠᠶᠠᠯᠢᠭ ᠢ ᠠᠰᠢᠭᠯᠠᠵᠤ ᠳᠡᠶᠢᠯᠬᠦ ᠦᠭᠡᠢ᠂ ᠨᠥᠭᠦᠭᠡ ᠲᠠᠯ᠎ᠠ ᠪᠠᠷ ᠰᠠᠶᠢᠨ ᠲᠥᠷᠥᠯ ᠵᠦᠢᠯ ᠢ ᠣᠷᠣᠨ ᠨᠤᠲᠤᠭ ᠲᠤ ︽ | ᠡᠬᠢᠯᠡᠭᠦᠯᠬᠦ︾ ᠭᠠᠵᠠᠷ ᠣᠯᠬᠤ ᠦᠭᠡᠢ ᠪᠠᠶᠢᠵᠤ᠂ ᠬᠡᠷᠬᠢᠨ ᠬᠤᠶᠠᠭᠤᠯᠠ ᠶᠢᠨ ᠬᠤᠭᠤᠷᠣᠨᠳᠣ ᠵᠣᠯᠭᠠᠭᠤᠯᠬᠤ | ᠬᠥᠭᠦᠷᠭᠡ ᠶᠢ ᠪᠠᠶᠢᠭᠤᠯᠵᠤ᠂ ︽ᠡᠳ᠋ ᠬᠥᠷᠥᠩᠭᠡ ᠶᠢᠨ ᠬᠠᠳᠠᠭᠠᠯᠠᠯᠲᠠ ᠶᠢᠨ ᠬᠡᠮᠵᠢᠶ᠎ᠡ︾ ᠶᠢ ︽ᠬᠥᠭᠵᠢᠯᠲᠡ ᠶᠢᠨ | ᠨᠡᠮᠡᠭᠳᠡᠯ ᠤᠨ ᠬᠡᠮᠵᠢᠶ᠎ᠡ︾ ᠪᠣᠯᠭᠠᠨ ᠬᠤᠪᠢᠷᠠᠭᠤᠯᠬᠤ ᠦᠷ᠎ᠡ ᠪᠦᠲᠦᠮᠵᠢ ᠳᠤ ᠬᠦᠷᠭᠡᠬᠦ ᠪᠤᠢ︖ ᠳᠠᠷᠬᠠᠨ ᠰᠤᠮᠤ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠷᠭ᠎ᠠ | ᠪᠣᠳᠣᠨ ᠭᠠᠷᠬᠤ ᠵᠠᠮ ᠢ ᠰᠦᠪᠡᠭᠴᠢᠯᠡᠪᠡ᠃ ᠣᠯᠠᠨ ᠤᠳᠠᠭᠠᠨ ᠤ ᠪᠠᠶᠢᠴᠠᠭᠠᠨ ᠰᠤᠳᠤᠯᠤᠯᠲᠠ ᠨᠤᠲᠠᠯᠠᠯᠲᠠ ᠶᠢᠨ | ᠳᠣᠣᠷ᠎ᠠ᠂ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠤᠨ ᠠᠰᠢᠭᠯᠠᠬᠤ ᠶᠢ ᠰᠦᠪᠡᠭᠴᠢᠯᠡᠨ ᠠᠬᠢᠭᠤᠯᠵᠤ᠂ ︽ | ᠮᠣᠩᠭᠤᠯ ᠮᠣᠷᠢᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ︾ ᠢ ᠪᠠᠶᠢᠭᠤᠯᠵᠤ᠂ ᠳᠠᠷᠬᠠᠨ | ᠰᠤᠮᠤ ᠶᠢᠨ ᠴᠠᠭᠠᠨ ᠤᠪᠤᠭ᠎ᠠ ᠭᠠᠴᠠᠭᠠᠨ ᠤ ᠵᠦᠴᠢᠶ᠎ᠡ᠂ ᠠᠯᠪᠠᠨ ᠠᠵᠢᠯ ᠤᠨ ᠣᠷᠣᠨ᠂ ᠰᠠᠩ ᠬᠥᠮᠥᠷᠭᠡ᠂ ᠬᠠᠮᠲᠤ | ᠶᠢᠨ ᠪᠡᠯᠴᠢᠭᠡᠷ ᠵᠢᠴᠢ ᠤᠰᠤᠯᠠᠬᠤ ᠭᠠᠵᠠᠷ ᠵᠡᠷᠭᠡ ᠡᠬᠢ ᠪᠠᠶᠠᠯᠢᠭ ᠢ ᠨᠢᠭᠡᠳᠦᠯᠲᠡᠶ ᠡᠮᠬᠢᠯᠡᠨ ᠠᠰᠢᠭᠯᠠᠵᠤ᠂ ᠮᠣᠩᠭᠤᠯ | ᠠᠳᠤᠭᠤ ᠲᠡᠵᠢᠭᠡᠨ ᠦᠷᠡᠵᠢᠭᠦᠯᠬᠦ᠂ ᠡᠭᠦᠯᠳᠡᠷ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ ᠪᠦᠷᠢᠨ ᠪᠦᠲᠦᠨ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠪᠠ᠃ ᠡᠭᠦᠨ ᠤ ᠬᠠᠮᠲᠤ᠂ ᠲᠡᠵᠢᠭᠡᠨ ᠦᠷᠡᠵᠢᠭᠦᠯᠬᠦ ᠲᠦᠯᠦᠪᠵᠢᠭᠦᠯᠭᠡ ᠶᠢᠨ | ᠰᠢᠨ᠎ᠡ ᠶᠢ ᠡᠭᠦᠳᠴᠦ᠂ ᠠᠮᠢ ᠠᠬᠤᠶ ᠶᠢᠨ ᠳᠠᠭᠠᠭᠠᠴᠠ ᠶᠢᠨ ᠬᠡᠮᠵᠢᠶ᠎ᠡ ᠶᠢ ᠦᠨᠳᠦᠰᠦᠯᠡᠨ ᠪᠡᠯᠴᠢᠭᠡᠷᠯᠡᠭᠦᠯᠬᠦ ᠣᠷᠣᠨ | ᠪᠦᠰᠡ ᠪᠣᠯᠤᠨ ᠲᠡᠵᠢᠭᠡᠨ ᠦᠷᠡᠵᠢᠭᠦᠯᠬᠦ ᠨᠢᠭᠲᠠᠴᠠ ᠶᠢ ᠵᠦᠶ ᠵᠣᠬᠢᠰᠲᠠᠶ ᠲᠥᠯᠥᠪᠵᠢᠭᠦᠯᠵᠦ᠂ ᠤᠯᠠᠮᠵᠢᠯᠠᠯᠲᠤ ᠮᠠᠯ | ᠬᠠᠷᠢᠭᠤᠯᠬᠤ ᠳᠤ ᠠᠮᠠᠷᠬᠠᠨ ᠮᠥᠷᠲᠡᠭᠡᠨ ᠬᠡᠲᠦ ᠪᠡᠯᠴᠢᠭᠡᠷᠯᠡᠭᠦᠯᠬᠦ ᠪᠠ ᠠᠮᠢ ᠠᠬᠤᠶ ᠶᠢ ᠡᠪᠳᠡᠬᠦ ᠠᠰᠠᠭᠤᠳᠠᠯ ᠢ | ᠰᠢᠢᠳᠪᠦᠷᠢᠯᠡᠪᠡ᠃ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ᠂ ᠲᠡᠵᠢᠭᠡᠨ ᠦᠷᠡᠵᠢᠭᠦᠯᠬᠦ᠂ ᠥᠷᠭᠡᠳᠬᠡᠨ | ᠦᠷᠡᠵᠢᠭᠦᠯᠬᠦ ᠬᠡᠷᠡᠭᠴᠡᠭᠡ ᠶᠢ ᠪᠠᠲᠤᠯᠠᠬᠤ ᠶᠢᠨ ᠬᠠᠮᠲᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ | ᠠᠶᠠᠨᠳᠠᠭᠠᠨ ᠰᠡᠷᠭᠦᠭᠡᠬᠦ ᠶᠢ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠬᠢᠭᠡᠳ | ᠥᠪᠡᠷ ᠢ ᠪᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠬᠥᠭᠵᠢᠯᠲᠡ ᠬᠢᠭᠡᠳ ᠠᠮᠢ ᠠᠬᠤᠶ | ᠶᠢᠨ ᠰᠢᠯᠢᠳᠡᠭᠵᠢᠭᠦᠯᠦᠯ ᠢ ᠬᠠᠮᠵᠢᠯᠴᠠᠨ ᠪᠡᠶᠡᠯᠡᠭᠦᠯᠦᠨ᠎ᠡ᠃ | ᠣᠶᠢᠯᠠᠭᠠᠭᠰᠠᠨ ᠢᠶᠠᠷ᠂ ᠳᠠᠷᠬᠠᠨ ᠰᠤᠮᠤ ᠶᠢᠨ ᠮᠠᠯᠴᠢᠨ ᠤ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ | ᠬᠤᠷᠰᠢᠶᠠᠨ ᠳᠤ ᠣᠲᠣ ᠪᠠᠶᠢᠭ᠎ᠠ ᠪᠠᠶᠢᠭᠠᠯᠢᠯᠢᠭ ᠪᠡᠯᠴᠢᠭᠡᠷ 3350 ᠮᠥ᠂ ᠤᠰᠤᠯᠠᠯᠲᠠ ᠶᠢᠨ ᠭᠠᠵᠠᠷ ᠤᠨ ᠲᠠᠯᠠᠪᠠᠶ | 400 ᠮᠥ᠂ ᠵᠦᠴᠢᠶ᠎ᠡ 6312.8 ᠺᠦᠸᠠᠳ᠋ ᠮᠧᠳ᠋ᠷ᠂ ᠠᠯᠪᠠᠨ ᠠᠵᠢᠯ ᠤᠨ ᠣᠷᠣᠨ 740 ᠺᠦᠸᠠᠳ᠋ ᠮᠧᠳ᠋ᠷ᠂ ᠰᠠᠩ | ᠬᠥᠮᠥᠷᠭᠡ 263.8 ᠺᠦᠸᠠᠳ᠋ ᠮᠧᠳ᠋ᠷ᠂ ᠡᠪᠡᠰᠦ ᠪᠣᠷᠳᠣᠭᠠᠨ ᠤ ᠬᠥᠮᠥᠷᠭᠡ 1000 ᠺᠦᠸᠠᠳ᠋ ᠮᠧᠳ᠋ᠷ ᠢ ᠨᠢᠭᠡᠨᠲᠡ | ᠪᠦᠬᠦᠨ ᠢ ᠥᠭᠡᠷᠡᠴᠢᠯᠡᠨ ᠪᠠᠶᠢᠭᠤᠯᠵᠤ ᠰᠢᠯᠭᠠᠨ ᠠᠪᠴᠤ ᠳᠠᠭᠤᠰᠬᠠᠪᠠ᠃ ᠰᠤᠯᠠ ᠪᠠᠶᠢᠭ᠎ᠠ ᠡᠬᠢ ᠪᠠᠶᠠᠯᠢᠭ ᠢ | ᠠᠮᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠤᠷᠤᠯᠳᠤᠭᠠᠨ ᠤ ᠵᠠᠮ ᠢ ᠨᠡᠭᠡᠭᠡᠪᠡ᠃ | ︽ᠪᠢᠳᠡ ︿ᠨᠠᠮ ᠤᠨ ᠡᠭᠦᠷ + ᠬᠤᠷᠰᠢᠶ᠎ᠠ + ᠮᠠᠯᠵᠢᠬᠤ ᠡᠷᠦᠬᠡ﹀ ᠶᠢᠨ ᠮᠣᠳᠧᠯ ᠢᠶᠠᠷ ᠳᠠᠮᠵᠢᠭᠤᠯᠤᠨ᠂ | ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢ ᠨᠢᠭᠲᠠ ᠬᠤᠯᠪᠣᠭᠠᠯᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ᠂ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ ᠶᠢ | ᠪᠡᠶᠡᠯᠡᠭᠦᠯᠵᠦ᠂ ᠮᠣᠩᠭᠤᠯ ᠤᠨ ᠴᠣᠬᠤᠷ ᠠᠳᠤᠭᠤᠨ ᠤ ᠡᠭᠦᠯᠳᠡᠷ ᠢ ᠰᠠᠶᠢᠵᠢᠷᠠᠭᠤᠯᠬᠤ ᠪᠠ ᠬᠠᠮᠠᠭᠠᠯᠠᠬᠤ ᠶᠢ ᠬᠠᠮᠲᠤ ᠪᠠᠷ | ᠠᠬᠢᠭᠤᠯᠤᠨ᠎ᠠ᠃ ᠣᠲᠣ ᠪᠣᠯᠲᠠᠯ᠎ᠠ᠂ ᠨᠢᠭᠡᠨᠲᠡ 28 ᠡᠷᠦᠬᠡ ᠮᠠᠯᠴᠢᠨ᠂ 1200 ᠭᠠᠷᠤᠶ ᠠᠳᠤᠭᠤ ᠬᠤᠷᠰᠢᠶᠠᠨ ᠳᠤ | ᠣᠷᠣᠯᠴᠠᠵᠣ᠂ ᠪᠢᠳᠡ ᠪᠠᠰᠠ 12 ᠴᠤᠬᠤᠷ ᠠᠳᠤᠭᠤ ᠬᠤᠳᠠᠯᠳᠤᠨ ᠠᠪᠴᠠᠶ᠃︾ ᠬᠤᠷᠰᠢᠶ᠎ᠠ ᠶᠢᠨ ᠠᠳᠤᠭᠤᠨ ᠤ | ᠪᠠᠰᠠ ᠨᠢᠭᠡ ᠬᠢᠯᠠᠰ ᠴᠡᠭ ᠤᠨ ᠲᠤᠬᠠᠶ ᠶᠠᠷᠢᠬᠤ ᠳᠠᠭᠠᠨ᠄ ︽ᠥᠩᠭᠡᠷᠡᠭᠰᠡᠨ ᠤ ᠪᠦᠳᠦᠭᠦᠯᠢᠭ ᠮᠠᠶ᠋ᠢᠭ ᠤᠨ ᠮᠠᠯ ᠠᠵᠤ | ᠠᠬᠤᠶ ᠲᠡᠵᠢᠭᠡᠨ ᠦᠷᠡᠵᠢᠭᠦᠯᠬᠦ ᠮᠣᠳᠧᠯ ᠨᠢ ᠸᠠᠺᠼᠢᠨ ᠤ ᠲᠠᠷᠢᠯᠭ᠎ᠠ ᠶᠢᠨ ᠳᠦᠷᠢᠮᠵᠢᠭᠦᠯᠬᠦ ᠴᠢᠨᠠᠷ᠂ ᠠᠳᠤᠭᠤᠨ ᠤ | ᠦᠮᠴᠢᠯᠡᠬᠦ ᠡᠷᠬᠡ ᠶᠢ ᠲᠣᠳᠣᠷᠬᠠᠶ ᠲᠣᠭᠲᠠᠭᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠢ ᠪᠦᠲᠦᠮᠵᠢᠲᠡᠶ | ᠬᠡᠷᠡᠭᠵᠢᠭᠦᠯᠬᠦ ᠵᠡᠷᠭᠡ ᠲᠠᠯ᠎ᠠ ᠪᠠᠷ ᠴᠥᠮ ᠠᠳᠠᠯᠢ ᠪᠤᠰᠤ ᠬᠡᠮᠵᠢᠶᠡᠨ ᠤ ᠳᠤᠲᠠᠭᠳᠠᠯ ᠣᠷᠣᠰᠢᠵᠤ᠂ ᠡᠨᠡ ᠬᠦ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠢᠳᠡ ᠬᠤᠷᠰᠢᠶᠠᠨ ᠳᠤ ᠤᠷᠤᠭᠰᠠᠨ ᠮᠣᠷᠢᠨ ᠳᠤ ᠴᠢᠫ ᠳᠠᠷᠢᠵᠤ᠂ | ᠮᠣᠷᠢᠨ ᠤ ᠡᠷᠬᠡ ᠮᠡᠳᠡᠯ ᠤᠨ ᠬᠠᠷᠢᠶᠠᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠬᠢᠵᠢᠭ ᠢ | ᠰᠡᠷᠭᠡᠶᠢᠯᠡᠬᠦ ᠪᠠ ᠡᠮᠨᠡᠨ ᠵᠠᠰᠠᠬᠤ ᠵᠡᠷᠭᠡ ᠠᠵᠢᠯ ᠢ ᠥᠷᠨᠢᠭᠦᠯᠬᠦ ᠳᠤ ᠴᠦ ᠮᠠᠰᠢ ᠲᠥᠬᠦᠮ ᠪᠣᠯᠵᠠᠶ︾ ᠭᠡᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ | ᠬᠥᠭᠵᠢᠯᠲᠡ ᠳᠤ ᠡᠨᠧᠷᠭᠢ ᠣᠯᠭᠤᠨ᠎ᠠ᠃ ᠵᠥᠪᠬᠡᠨ ᠰᠡᠷᠡᠵᠦ ᠮᠡᠳᠡᠬᠦ ᠳ᠋ᠠᠶᠢᠲ᠋ᠠ ᠴᠤᠭᠯᠠᠭᠤᠯᠬᠤ ᠬᠡᠮᠵᠢᠭᠦᠷᠯᠢᠭ ᠢᠶᠠᠷ | ᠠᠳᠤᠭᠤᠨ ᠰᠦᠷᠦᠭ ᠢ ᠰᠢᠷᠪᠢᠪᠡᠯ ᠡᠨᠡ ᠬᠦ ᠮᠣᠷᠢᠨ ᠤ ᠪᠦᠷᠢᠨ ᠪᠦᠲᠦᠨ ᠪᠡᠶ᠎ᠡ ᠬᠡᠮ ᠤᠨ ᠮᠡᠳᠡᠭᠡ ᠵᠠᠩᠭᠢ ᠶᠢ ᠲᠡᠷᠡ | ᠳᠠᠷᠤᠶ ᠳᠤ ᠨᠢ ᠮᠡᠳᠡᠵᠦ ᠪᠣᠯᠤᠨ᠎ᠠ᠃ | ᠪᠠᠶᠠᠵᠢᠬᠤ ᠰᠢᠨ᠎ᠡ ᠣᠷᠣᠨ ᠵᠠᠢ ᠶᠢ ᠬᠥᠰᠢᠵᠦ ᠬᠠᠮᠲᠤ ᠪᠠᠷ ᠪᠠᠶᠠᠵᠢᠬᠤ ᠰᠢᠨ᠎ᠡ ᠵᠢᠷᠤᠭ ᠢ ᠵᠢᠷᠤᠭᠯᠠᠨ᠎ᠠ᠃ | ᠳᠠᠷᠬᠠᠨ ᠰᠤᠮᠤ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ | ᠪᠠᠲᠤᠪᠠᠶᠠᠷ᠄ ︽ᠬᠤᠵᠢᠮ ᠪᠢᠳᠡ ᠳᠡᠭᠡᠳᠦ ᠳᠡᠰ ᠤᠨ ᠰᠤᠷᠭᠠᠭᠤᠯᠢ ᠲᠠᠢ ᠢᠳᠡᠪᠬᠢᠲᠡᠶ ᠬᠠᠮᠲᠤᠷᠠᠯᠴᠠᠵᠤ᠂ ᠲᠡᠭᠦᠨ ᠢ ︿ | ᠦᠢᠯᠡᠳᠪᠦᠷᠢᠯᠡᠬᠦ᠂ ᠰᠤᠳᠤᠯᠬᠤ᠂ ᠵᠢᠭᠤᠯᠴᠢᠯᠠᠬᠤ﹀ ᠶᠡᠷᠦᠩᠬᠡᠶᠢᠯᠡᠭᠰᠡᠨ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ | ᠴᠢᠷᠮᠠᠶᠢᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠨᠠᠷᠢᠨ ᠠᠭᠤᠯᠭ᠎ᠠ ᠳᠤ ᠲᠦᠰᠢᠭᠯᠡᠨ᠂ ᠠᠵᠤ ᠦᠢᠯᠡᠰ ᠤᠨ | ᠢᠷᠡᠭᠡᠳᠦᠶ ᠵᠢᠨᠬᠥ᠋ᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠰᠢᠶ᠎ᠠ ᠶᠢᠨ ᠬᠠᠪᠰᠤᠷᠠᠨ ᠲᠡᠳᠭᠦᠭᠦ ᠶᠢ | ᠦᠷᠭᠦᠯᠵᠢᠯᠡᠨ ᠶᠡᠬᠡᠪᠡᠷ ᠵᠢᠯᠣᠭᠤᠳᠴᠤ᠂ ︿ᠰᠠᠴᠤᠷᠠᠭᠯᠠᠨ ᠳᠠᠶᠢᠴᠢᠯᠠᠬᠤ ᠪᠠᠷ ᠳᠠᠮᠵᠢᠨ ᠪᠦᠬᠦ ᠬᠤᠰᠢᠭᠤᠨ ᠤ | ᠮᠠᠯᠴᠢᠳ ᠤᠨ ᠮᠣᠩᠭᠤᠯ ᠠᠳᠤᠭᠤᠨ ᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 5 ᠲᠦᠮᠡ ᠳᠤ ᠬᠦᠷᠭᠡᠵᠦ᠂ ᠮᠠᠯᠴᠢᠨ | ᠲᠠᠷᠢᠶᠠᠴᠢᠨ ᠢ ᠳᠠᠶᠢᠴᠢᠯᠠᠨ ᠲᠡᠵᠢᠭᠡᠨ ᠦᠷᠡᠵᠢᠭᠦᠯᠬᠦ ᠴᠡᠪᠡᠷ ᠣᠷᠣᠯᠭ᠎ᠠ ᠶᠢ 10 ᠲᠦᠮᠡᠨ ᠲᠥᠭᠦᠷᠢᠭ ᠠᠴᠠ ᠳᠡᠭᠡᠭᠰᠢ | ᠪᠠᠶᠢᠯᠭᠠᠬᠤ﹀ ᠭᠡᠰᠡᠨ ᠲᠣᠭᠲᠠᠭᠰᠠᠨ ᠬᠠᠷᠠᠯᠲᠠ ᠲᠠᠢ ᠪᠠᠶᠢᠬᠤ ᠳᠤ ᠬᠦᠴᠦᠨ ᠨᠡᠮᠡᠷᠢᠯᠡᠵᠦ᠂ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠪᠦᠲᠦᠮᠵᠢᠲᠡᠶ ᠨᠡᠮᠡᠭᠳᠡᠭᠦᠯᠵᠦ᠂ ᠨᠠᠩ ᠣᠯᠠᠨ ᠮᠠᠯᠴᠢᠳ ᠢ ᠳᠠᠶᠢᠴᠢᠯᠠᠨ ᠬᠠᠮᠲᠤ ᠪᠠᠷ ᠪᠠᠶᠠᠵᠢᠨ ᠴᠢᠨᠡᠭᠡᠯᠢᠭᠵᠢᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠨ᠎ᠡ︾ ᠭᠡᠪᠡ᠃ | ᠮᠣᠷᠢᠨ ᠲᠤᠭᠤᠷᠠᠢ ᠶᠢᠨ ᠳᠠᠭᠤᠨ ᠬᠤᠯᠠᠳᠴᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠤᠯᠠᠨ ᠲᠦᠮᠡᠨ ᠤ ᠠᠮᠢᠳᠤᠷᠠᠯ ᠪᠠᠶᠠᠵᠢᠨ ᠴᠢᠨᠡᠭᠡᠯᠡᠭᠵᠢᠬᠦ᠂ ᠲᠠᠯ᠎ᠠ ᠨᠤᠲᠤᠭ ᠤᠨ ᠠᠮᠢ ᠠᠬᠤᠢ ᠶᠢᠨ | ᠥᠨᠢᠳᠡ ᠦᠷᠭᠦᠯᠵᠢᠯᠡᠬᠦ ᠵᠢᠷᠤᠭ ᠲᠦᠯᠦᠪᠯᠡᠭᠡ ᠶᠢ ᠶᠠᠭ ᠠᠯᠬᠤᠮ ᠠᠯᠬᠤᠮ ᠢᠶᠠᠷ ᠥᠷᠨᠢᠭᠦᠯᠵᠦ ᠪᠠᠶᠢᠨ᠎ᠠ᠂ | ᠢᠷᠡᠭᠡᠳᠦᠢ ᠳᠤ ᠨᠡᠩ ᠤᠯᠠᠨ ︽ᠬᠠᠳᠠᠭᠠᠯᠠᠮᠵᠢ ᠪᠡᠯᠡ ᠮᠥᠩᠭᠦ︾ ᠶᠢᠨ ᠲᠤᠬᠠᠢ ᠦᠢᠯᠡᠳᠦᠯᠭᠡ ᠯᠠᠪᠲᠠᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠨᠠᠶᠢᠳᠠᠪᠤᠷᠢᠵᠢᠵᠤ᠂ ᠴᠡᠴᠡᠭᠯᠡᠵᠦ᠂ ᠦᠷ᠎ᠡ ᠵᠢᠮᠢᠰ ᠰᠠᠭᠤᠨ᠎ᠠ ᠁ |