10 ᠰᠠᠤᠷᠢ ᠬᠤᠭ ᠨᠣᠪᠰᠢ ᠶᠢᠨ ᠰᠠᠪᠠ ᠰᠣᠷᠣᠭᠤᠯᠬᠤ ᠲᠡᠷᠭᠡ ᠨᠢ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ︽ᠵᠢᠰᠦ ᠴᠢᠷᠠᠢ︾ ᠶᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2025/4/2
      4 ᠰᠠᠷ᠎ᠠ ᠶᠢᠨ 1 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠠᠷᠬᠥ᠋ᠷᠢᠶ᠎ᠡ ᠪᠠᠯᠭᠠᠰᠤ  ᠨᠢ 10 ᠬᠤᠳᠠ ᠤᠰᠤ ᠶᠢ ᠰᠣᠩᠭᠤᠨ ᠵᠢᠱᠢᠶ᠎ᠡ ᠦᠵᠡᠭᠦᠯᠬᠦ ᠴᠡᠭ ᠪᠣᠯᠭᠠᠵᠤ᠂ 10 ᠰᠠᠤᠷᠢ ᠬᠤᠭ ᠨᠣᠪᠰᠢ ᠶᠢᠨ ᠰᠠᠪᠠ ᠰᠣᠷᠣᠭᠤᠯᠬᠤ ᠲᠡᠷᠭᠡ ᠵᠢᠴᠢ 686 ᠬᠠᠶᠠᠭᠳᠠᠮᠠᠯ ᠬᠠᠭᠤᠴᠢᠨ ᠲᠣᠰᠣᠨ ᠰᠠᠪᠠ ᠶᠢ ᠥᠭᠡᠷᠡᠴᠢᠯᠡᠨ ᠰᠠᠶᠢᠵᠢᠷᠠᠭᠤᠯᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠪᠠ ᠶᠢ ᠲᠠᠷᠬᠠᠭᠠᠵᠤ᠂ ︽ᠪᠢᠴᠢᠯ ᠥᠭᠡᠷᠡᠴᠢᠯᠡᠯᠲᠡ︾ ᠪᠠᠷ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠵᠤ ︽ᠶᠡᠭᠡ ᠳᠡᠭᠡᠭᠰᠢᠯᠡᠯᠳᠡ︾ ᠶᠢ ᠠᠬᠢᠭᠤᠯᠪᠠ᠃      ᠰᠢᠪᠠᠷᠬᠥ᠋ᠷᠢᠶ᠎ᠡ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ  ᠤᠨ ᠲᠠᠷᠬᠠᠭᠠᠬᠤ ᠲᠤᠬᠠᠶ ᠶᠢᠨ ᠲᠠᠯᠠᠪᠤᠷ ᠲᠤ᠂ ᠴᠤ᠋ ᠰᠢᠨ᠎ᠡ ᠬᠤᠭ ᠨᠣᠪᠰᠢ ᠶᠢᠨ ᠰᠠᠪᠠ ᠰᠣᠷᠣᠭᠤᠯᠬᠤ ᠲᠡᠷᠭᠡ ᠶᠢ ᠨᠢᠭᠡ ᠮᠥᠷ ᠵᠣᠭᠰᠤᠭᠠᠵᠤ᠂ ᠲᠣᠰᠬᠤᠨ ᠤ ᠠᠷᠠᠳ ᠪᠠᠶᠠᠷ ᠬᠥᠷ ᠲᠠᠢ ᠪᠠᠷ ᠠᠪᠬᠤ ᠪᠠᠷ ᠢᠷᠡᠵᠡᠢ᠃ ︽ᠬᠥᠩᠭᠡᠨ ᠬᠤᠭ ᠨᠣᠪᠰᠢ ᠶᠢᠨ ᠰᠠᠪᠠ ᠰᠣᠷᠣᠭᠤᠯᠬᠤ ᠲᠡᠷᠭᠡ ᠪᠠᠶᠢᠪᠠᠯ ᠪᠢᠳᠡ ᠬᠤᠭ ᠨᠣᠪᠰᠢ ᠶᠢ ᠴᠡᠪᠡᠷᠯᠡᠬᠦ ᠳᠤ ᠤᠯᠠᠮ ᠳᠥᠭᠦᠮ ᠪᠣᠯᠵᠤ ᠂ ᠰᠢᠶᠠᠩ ᠤᠨ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ ᠵᠥᠪᠯᠡᠯ ᠪᠢᠳᠡᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠰᠢᠪᠠᠷᠬᠥ᠋ᠷᠢᠶ᠎ᠡ ᠪᠠᠯᠭᠠᠰᠤᠨ ᠤ ᠰᠢᠩ ᠹᠦ᠋ ᠲᠣᠰᠬᠤᠨ ᠤ ᠠᠷᠠᠳ ᠯᠢᠦ ᠸᠧᠨ ᠭᠤᠸᠠᠩ ᠪᠠᠶᠠᠷᠲᠠᠢ ᠪᠠᠷ ᠬᠡᠯᠡᠪᠡ᠃      ︽ᠥᠩᠭᠡᠷᠡᠭᠰᠡᠨ ᠳᠤ ᠨᠢᠭᠡ ᠲᠣᠮᠣ ᠬᠤᠭ ᠨᠣᠪᠰᠢ ᠶᠢᠨ ᠰᠠᠪᠠ ᠨᠠᠢᠮᠠᠨ ᠮᠢᠩᠭᠠᠨ ᠲᠥᠭᠦᠷᠢᠭ᠂ ᠣᠲᠣ ᠪᠢᠳᠡ ᠨᠢᠭᠡ ᠲᠣᠮᠣ ᠬᠤᠭ ᠨᠣᠪᠰᠢ ᠶᠢᠨ ᠰᠠᠪᠠ ᠠᠪᠬᠤ  ᠮᠥᠩᠭᠦ ᠪᠠᠷ ᠨᠢᠭᠡ ᠬᠤᠳᠠ ᠤᠰᠤᠨ ᠤ ᠬᠤᠭ ᠨᠣᠪᠰᠢ ᠶᠢᠨ ᠰᠠᠪᠠ ᠶᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠵᠥ᠂ ᠪᠢᠳᠡᠨ ᠤ ᠬᠤᠳᠠᠯᠳᠤᠨ ᠠᠪᠤᠭᠰᠠᠨ ᠲᠡᠭᠡᠭᠡᠪᠦᠷᠢᠯᠡᠬᠦ ᠲᠡᠷᠭᠡ ᠪᠠ ᠥᠭᠡᠷᠡᠴᠢᠯᠡᠨ ᠤᠭᠰᠠᠷᠠᠭᠰᠠᠨ ᠲᠣᠰᠣᠨ ᠳᠥᠩᠰᠡ ᠶᠢ ᠴᠥᠮ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠪᠣᠯᠭᠠᠨ᠎ᠠ︾ ᠬᠡᠵᠥ ᠰᠢᠪᠠᠷᠬᠥ᠋ᠷᠢᠶ᠎ᠡ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠼᠠᠨ ᠬᠠᠢ ᠯᠦᠩ ᠶᠤᠰᠣᠯᠠᠯ ᠶᠠᠷᠢᠪᠠ᠃ ᠵᠢᠪᠡᠷᠡᠭᠰᠡᠨ ᠬᠠᠶᠠᠭᠳᠠᠮᠠᠯ ᠬᠠᠭᠤᠴᠢᠨ ᠲᠣᠰᠣᠨ ᠰᠠᠪᠠ ᠶᠢ ᠤᠬᠢᠶᠠᠨ ᠴᠡᠪᠡᠷᠯᠡᠵᠦ᠂ ᠪᠤᠳᠤᠭᠰᠠᠨ ᠤ ᠳᠠᠷᠠᠭ᠎ᠠ ︽ᠰᠢᠨ᠎ᠡ︾ ᠪᠣᠯᠵᠤ᠂ ᠰᠢᠪᠠᠷᠬᠥ᠋ᠷᠢᠶ᠎ᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠮᠳᠡᠭ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠪᠠ ᠪᠣᠯᠪᠠ᠃ ᠰᠢᠩ ᠹᠦ᠋ ᠲᠣᠰᠬᠤᠨ ᠤ ᠨᠠᠮ ᠤᠨ ᠡᠭᠦᠷ ᠤᠨ ᠱᠦᠵᠢ ᠡᠷᠬᠢᠯᠡᠭᠴᠢ ᠯᠢᠶᠠᠩ ᠢᠦᠢ ᠮᠢᠩ ᠬᠡᠯᠡᠭᠰᠡᠨ ᠨᠢ᠄ ︽ᠪᠢᠳᠡ ᠬᠤᠭ ᠨᠣᠪᠰᠢ ᠶᠢᠨ ᠰᠠᠪᠠ ᠰᠣᠷᠣᠭᠤᠯᠬᠤ ᠲᠡᠷᠭᠡ ᠪᠣᠯᠤᠨ  ᠬᠠᠶᠠᠭᠳᠠᠮᠠᠯ ᠬᠠᠭᠤᠴᠢᠨ ᠲᠣᠰᠣᠨ ᠳᠥᠩᠰᠡ ᠶᠢ ᠥᠭᠡᠷᠡᠴᠢᠯᠡᠨ ᠰᠠᠶᠢᠵᠢᠷᠠᠭᠤᠯᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠪᠠ ᠶᠢ ᠲᠣᠰᠬᠤᠨ ᠳᠤ ᠲᠠᠯᠪᠢᠵᠤ᠂ ᠠᠶᠢᠯ ᠡᠷᠦᠬᠡ ᠪᠣᠯᠭᠠᠨ ᠢ ᠴᠥᠮ ᠤᠬᠠᠮᠰᠠᠷ ᠠᠴᠠ ᠨᠢ ︿ᠡᠷᠦᠬᠡ ᠬᠤᠷᠢᠶᠠᠨ ᠴᠤᠭᠯᠠᠭᠤᠯᠬᠤ+ᠲᠣᠰᠬᠤᠨ ᠲᠥᠪᠯᠡᠷᠡᠭᠦᠯᠦᠨ ᠬᠠᠮᠢᠶᠠᠷᠬᠤ+ ᠪᠠᠯᠭᠠᠰᠤ ᠰᠢᠯᠵᠢᠭᠦᠯᠦᠨ ᠲᠡᠭᠡᠭᠡᠪᠦᠷᠢᠯᠡᠬᠦ﹀ ᠬᠡᠯᠬᠢᠶ᠎ᠡ ᠳᠤ ᠤᠬᠠᠮᠰᠠᠷ ᠠᠴᠠ ᠪᠠᠨ ᠣᠷᠣᠯᠴᠠᠭᠤᠯᠪᠠ︾ ᠭᠡᠪᠡ᠃      ᠬᠠᠶᠠᠭᠳᠠᠮᠠᠯ ᠬᠠᠭᠤᠴᠢᠨ ᠲᠣᠰᠣᠨ ᠳᠥᠩᠰᠡ ᠶᠢᠨ ︽ᠪᠣᠬᠢᠷᠲᠤᠯ ᠦᠭᠡᠢ ᠳᠠᠬᠢᠨ ᠠᠮᠢᠯᠠᠭᠤᠯᠬᠤ︾ ᠠᠴᠠ ᠰᠠᠪᠠ ᠰᠣᠷᠣᠭᠤᠯᠬᠤ ᠲᠡᠷᠭᠡᠨ ᠤ ︽ᠵᠡᠭᠡᠯᠢ ᠭᠤᠳᠤᠮᠵᠢ ᠪᠠᠷ ᠶᠠᠪᠤᠬᠤ︾ ᠬᠦᠷᠲᠡᠯ᠎ᠡ᠂ ᠰᠢᠪᠠᠷᠬᠥ᠋ᠷᠢᠶ᠎ᠡ ᠪᠠᠯᠭᠠᠰᠤ ᠪᠦᠲᠦᠭᠡᠯᠴᠢ ᠰᠡᠳᠬᠢᠮᠵᠢ ᠪᠠ ᠪᠣᠳᠠᠲᠠᠶ ᠠᠷᠭ᠎ᠠ ᠶᠢ ᠡᠷᠬᠢᠮᠯᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ  ᠦᠵᠡᠮᠵᠢ ᠶᠢ ᠵᠢᠷᠤᠭᠯᠠᠪᠠ᠃ ᠡᠨᠡ ᠬᠦ ︽ᠨᠤᠲᠤᠭ ᠤᠨ ᠠᠷᠭ᠎ᠠ︾ ᠲᠠᠢ ᠮᠥᠷᠲᠡᠭᠡᠨ ︽ᠰᠢᠨ᠎ᠡ ᠤᠶᠤᠨ ᠤᠬᠠᠭᠠᠨ︾ ᠲᠠᠢ ᠴᠡᠭᠴᠡᠯᠡᠨ ᠵᠠᠰᠠᠬᠤ ᠠᠵᠢᠯᠯᠠᠭ᠎ᠠ ᠨᠢ ᠠᠶᠢᠯ ᠲᠣᠰᠬᠤᠨ ᠤ ︽ᠵᠢᠰᠦ ᠴᠢᠷᠠᠢ︾ ᠶᠢ ᠰᠠᠶᠢᠵᠢᠷᠠᠭᠤᠯᠵᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠢᠢᠯᠠᠭᠠᠭᠳᠠᠬᠤᠨ ᠢ ᠨᠤᠲᠤᠭ ᠤᠰᠤᠨ ᠳᠠᠭᠠᠨ ᠦᠨᠳᠦᠰᠦᠯᠡᠭᠦᠯᠵᠦ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠠᠶᠠᠰ ᠢ ᠬᠠᠩᠭᠢᠨᠠᠭᠤᠯᠤᠭᠰᠠᠨ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号