2025 ᠣᠨ ᠳᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠡᠬᠢᠯᠡᠬᠦ ᠪᠠᠷ  ᠪᠡᠯᠡᠬᠡᠨ ᠪᠤᠯᠤᠭᠠᠳ ᠪᠠᠶᠢᠨ᠎ᠠ
ᠨᠡᠶᠢᠲᠡᠯᠡᠭᠰᠡᠨ ᠴᠠᠭ᠄
2025/4/22
      ᠮᠤᠷᠢᠳ ᠢᠨᠴᠠᠭᠠᠨ᠂  ᠤᠨᠤᠭᠠᠴᠢᠳ ᠲᠠᠰᠢᠭᠤᠷ ᠡᠷᠬᠢᠬᠦᠯᠦᠨ᠂ ᠡᠨᠡ ᠪᠣᠯ ᠡᠷᠡᠯᠬᠡᠭ ᠪᠠᠭᠠᠲᠤᠷᠯᠢᠭ ᠤᠷᠤᠯᠳᠤᠭᠠᠨ ᠮᠥᠨ︔ ᠠᠮᠲᠠᠲᠤ ᠢᠳᠡᠭᠡᠨ ᠤ ᠠᠩᠬᠢᠯᠤᠮ᠎ᠠ ᠦᠨᠦᠷ ᠬᠠᠩᠬᠤᠯᠵᠤ᠂ ᠳᠠᠭᠤᠤ ᠪᠥᠵᠢᠭ  ᠢ ᠪᠠᠭ᠋ᠠᠷᠬᠠᠨ᠂  ᠲᠠᠯ᠎ᠠ ᠨᠤᠲᠤᠭ ᠪᠠᠶᠠᠷ ᠪᠠᠭ᠋ᠠᠳᠤᠯ ᠢᠶᠠᠷ ᠲᠦᠬᠦᠷᠦᠨ᠎ᠡ᠃ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠨᠢ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠰᠢᠨ᠎ᠡ ᠶᠢ  ᠡᠬᠦᠳᠦᠭᠰᠡᠨ ᠠᠵᠢᠯᠯᠠᠭ᠎ᠠ ᠶᠢ ᠵᠠᠯᠭᠠᠭ᠎ᠠ ᠪᠠᠷ ᠦᠷᠨᠢᠬᠦᠯᠵᠦ᠂ ᠡᠯ᠎ᠡ ᠱᠠᠲᠤᠨ ᠤ ᠵᠠᠭᠤᠴᠢᠯᠠᠭᠤᠷ ᠤᠨ ᠠᠩᠬᠠᠷᠤᠯ ᠢ ᠲᠠᠲᠠᠭᠰᠠᠨ ᠢᠶᠠᠷ ᠪᠠᠷᠠᠬᠤ ᠥᠬᠡᠶ᠂ ᠪᠠᠰᠠ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠢᠨᠠᠭᠰᠢᠯᠠᠪᠠᠯ ᠪᠤᠭᠤᠲᠤ ᠬᠤᠲᠠ ᠶᠢᠨ ᠨᠢᠭᠡᠨ ᠢᠯᠡ ᠲᠣᠳᠣ ᠨᠡᠷ᠎ᠡ ᠶᠢᠨ ᠬᠠᠭᠤᠳᠠᠰᠤ  ᠪᠤᠯᠤᠭᠰᠠᠨ ᠪᠠᠶᠢᠨ᠎ᠠ᠃      4 ᠰᠠᠷ᠎ᠠ ᠶᠢᠨ 20 ᠤ ᠡᠳᠦᠷ᠂ 2025 ᠤᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠠᠭᠴᠢ ︽ᠭᠠᠴᠠᠭᠠᠨ ᠤ ᠰᠢᠭᠰᠢᠶ᠎ᠡ︾ ᠮᠣᠷᠢᠨ   ᠤᠷᠤᠯᠳᠤᠭᠠᠨ ᠡᠬᠢᠯᠡᠬᠦ ᠭᠡᠵᠦ ᠪᠠᠶᠢᠨ᠎ᠠ᠂ ᠰᠢᠨ᠎ᠡ ᠤᠷᠤᠯᠳᠤᠭᠠᠨ ᠤ ᠤᠯᠠᠷᠢᠯ᠂ ᠰᠢᠨ᠎ᠡ ᠤᠷᠤᠯᠳᠤᠭᠠᠨ ᠤ ᠲᠦᠷᠢᠮ᠂ ᠡᠨᠡ ᠵᠢᠯ ᠤᠨ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ  ᠨᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠶᠠᠮᠠᠷ ᠬᠤᠪᠢᠷᠠᠯᠲᠠ ᠲᠠᠢ ᠪᠣᠶ︖ ᠶᠠᠮᠠᠷ ᠰᠢᠨ᠎ᠡ ᠤᠷᠤᠯᠳᠤᠬᠤ ᠠᠷᠭ᠎ᠠ ᠮᠠᠶ᠋ᠢᠭ ᠨᠡᠮᠡᠭᠰᠡᠨ ᠪᠤᠢ︖ ᠪᠠᠰᠠ ᠶᠠᠮᠠᠷ ᠭᠢᠯᠠᠰ ᠴᠡᠭ ᠪᠠᠶᠢᠬᠤ ᠪᠤᠢ︖      ᠣᠶᠢᠯᠠᠭᠠᠭᠰᠠᠨ ᠢᠶᠠᠷ᠂ 2025 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠪᠥᠬᠦ ᠵᠢᠯ ᠳᠤ 12 ᠲᠠᠯᠠᠪᠤᠷ ᠤᠷᠤᠯᠳᠤᠭᠠᠨ ᠡᠷᠬᠢᠯᠡᠬᠦ ᠪᠠᠷ ᠪᠠᠶᠢᠨ᠎ᠠ᠂ ᠰᠢᠯᠭᠠᠷᠠᠭᠤᠯᠬᠤ ᠤᠷᠤᠯᠳᠤᠭᠠᠨ᠂ ᠪᠠᠶᠢᠩᠭᠤ ᠶᠢᠨ ᠤᠷᠤᠯᠳᠤᠭᠠᠨ᠂ ᠳᠠᠬᠢᠨ ᠰᠡᠷᠭᠦᠭᠡᠬᠦ ᠤᠷᠤᠯᠳᠤᠭᠠᠨ᠂ ᠶᠡᠷᠦᠩᠬᠡᠶ ᠰᠢᠢᠳᠪᠦᠷᠢᠲᠦ ᠤᠷᠤᠯᠳᠤᠭᠠᠨ ᠪᠠ ᠪᠤᠰᠤᠳ ᠤᠷᠤᠯᠳᠤᠭᠠᠨ ᠵᠡᠷᠭᠡ ᠲᠠᠪᠤᠨ ᠲᠥᠷᠥᠯ ᠢ ᠳᠣᠭᠢᠷᠠᠭᠤᠯᠤᠨ᠎ᠠ᠃ ᠡᠭᠦᠨ ᠳᠤ᠂ ᠳᠠᠬᠢᠨ ᠰᠡᠷᠭᠦᠭᠡᠬᠦ ᠤᠷᠤᠯᠳᠤᠭᠠᠨ ᠤ ᠪᠠᠶᠢᠷᠢᠯᠠᠭᠤᠯᠤᠯᠲᠠ ᠬᠠᠮᠤᠭ ᠤᠨ ᠣᠨᠴᠠᠭᠠᠢ᠄ ᠪᠠᠶᠢᠩᠭᠤ ᠶᠢᠨ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠡᠯ᠎ᠡ ᠡᠩᠨᠡᠭᠡᠨ ᠤ ᠬᠤᠪᠢ ᠬᠤᠷᠠᠮᠳᠤᠭᠤᠯᠬᠤ ᠠᠵᠢᠯ ᠢ ᠲᠠᠭᠤᠰᠬᠠᠨ᠎ᠠ᠃ ᠰᠢᠭᠰᠢᠭᠳᠡᠵᠦ ᠬᠤᠴᠤᠷᠤᠭᠰᠠᠨ ᠡᠩᠨᠡᠭᠡ ᠰᠢᠭᠰᠢᠭᠳᠡᠭᠰᠡᠨ ᠤ ᠳᠠᠷᠠᠭ᠎ᠠ 6 ᠲᠥᠷᠥᠯ ᠵᠦᠢᠯ ᠤᠨ ᠮᠣᠷᠢᠨ ᠤ ᠳᠣᠲᠣᠷ᠎ᠠ ᠠᠴᠠ ᠲᠤᠰ ᠪᠦᠷᠢ ᠨᠢᠭᠡ ᠮᠣᠷᠢ ᠶᠢ ᠰᠣᠩᠭᠤᠵᠤ  ᠳᠠᠬᠢᠨ ᠰᠡᠷᠭᠦᠭᠡᠬᠦ ᠤᠷᠤᠯᠳᠤᠭᠠᠨ ᠳᠤ ᠤᠷᠤᠭᠤᠯᠤᠨ᠎ᠠ ᠃ ᠳᠠᠬᠢᠨ ᠰᠡᠷᠭᠦᠭᠡᠬᠦ ᠤᠷᠤᠯᠳᠤᠭᠠᠨ ᠨᠢ ᠠᠳᠠᠯᠢᠬᠠᠨ ᠢᠶᠠᠷ ᠡᠯ᠎ᠡ ᠲᠥᠷᠥᠯ ᠵᠦᠢᠯ ᠤᠨ ᠬᠤᠪᠢ ᠬᠤᠷᠠᠮᠳᠤᠭᠤᠯᠬᠤ  ᠬᠡᠯᠪᠡᠷᠢ ᠶᠢ ᠠᠪᠴᠤ᠂ ᠤᠷᠤᠯᠳᠤᠭᠠᠨ ᠤ ᠵᠠᠢ ᠶᠢ 3200 ᠮᠧᠲᠷ ᠢᠶᠠᠷ ᠨᠢᠭᠡᠳᠦᠯᠲᠡᠢ ᠲᠣᠭᠲᠠᠭᠠᠵᠤ᠂ 6 ᠵᠦᠢᠯ ᠤᠨ ᠤᠷᠤᠯᠳᠤᠭᠠᠨ ᠤ ᠶᠡᠷᠦᠩᠭᠡᠢ ᠬᠤᠪᠢ ᠶᠢᠨ ᠲᠦᠷᠦᠭᠦᠦ ᠬᠤᠶᠠᠷ ᠡᠩᠨᠡᠭᠡ  ᠶᠢ ᠨᠠᠢᠮᠠᠨ ᠬᠦᠴᠦᠷᠬᠡᠭ ᠲᠤ ᠣᠷᠣᠭᠤᠯᠬᠤ ᠪᠠᠷ ᠲᠤᠭᠳᠠᠭᠠᠨ᠎ᠠ᠃ ᠡᠭᠦᠨ ᠤ ᠬᠠᠮᠲᠤ᠂ 9 ᠰᠠᠷ᠎ᠠ ᠳᠤ ᠪᠠᠰᠠ ᠭᠠᠴᠠᠭᠠᠨ ᠤ ᠰᠢᠭᠰᠢᠶ᠎ᠡ ᠮᠣᠷᠢᠨ ᠤᠷᠤᠯᠳᠤᠭᠠᠨ ᠨᠢ ᠠᠪᠤᠷᠭᠤ ᠲᠠᠮᠢᠷᠴᠢᠨ ᠪᠠ ᠮᠣᠷᠢ ᠤᠷᠤᠯᠳᠤᠬᠤ ᠵᠠᠪᠰᠢᠶᠠᠨ ᠢᠶᠠᠷ ᠤᠷᠤᠯᠳᠤᠭᠠᠨ ᠤ ᠲᠠᠯᠠᠪᠤᠷ ᠲᠤ ᠳᠠᠬᠢᠨ ᠪᠤᠴᠠᠬᠤ ᠲᠣᠬᠢᠶᠠᠯ ᠣᠯᠬᠤ ᠪᠣᠯᠤᠨ᠎ᠠ᠃      ᠨᠡᠷ᠎ᠡ ᠮᠡᠳᠡᠭᠦᠯᠵᠦ ᠣᠷᠣᠯᠴᠠᠬᠤ ᠱᠠᠲᠤᠨ ᠳᠤ᠂ 2025 ᠣᠨ ᠳᠤ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠨᠢ ᠪᠠᠰᠠ ᠰᠢᠨ᠎ᠡ ᠲᠦᠷᠢᠮ ᠲᠣᠭᠲᠠᠭᠠᠵᠠᠢ᠄ ᠭᠠᠴᠠᠭᠠᠨ ᠤ ᠰᠢᠭᠰᠢᠶ᠎ᠡ ᠮᠣᠷᠢᠨ ᠤᠷᠤᠯᠳᠤᠭᠠᠨ ᠳᠤ ᠣᠷᠣᠯᠴᠠᠭᠰᠠᠨ‌ᠮᠤᠷᠢ ᠪᠤᠯᠤᠨ ᠮᠤᠷᠢᠨ ᠤ ᠡᠵᠡᠨ ᠨᠢ ᠡᠷᠬᠡᠪᠰᠢ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠤᠶᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠶᠢᠭᠡᠮᠯᠢᠭ᠂ ᠠᠵᠤ ᠠᠬᠤᠶᠢᠯᠠᠯ᠂ ᠺᠯᠦ᠋ᠪ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠷ ᠲᠠᠮᠵᠢᠨ ᠨᠡᠷ᠎ᠡ ᠮᠡᠳᠡᠭᠦᠯᠵᠦ ᠤᠷᠤᠯᠳᠤᠭᠠᠨ ᠳᠤ ᠤᠷᠤᠯᠴᠠᠨ᠎ᠠ︔ ᠭᠠᠴᠠᠭᠠᠨ ᠤ ᠰᠢᠭᠰᠢᠶ᠎ᠡ ᠮᠣᠷᠢᠨ ᠤᠷᠤᠯᠳᠤᠭᠠᠨ‌ᠨᠢ ᠢᠯᠡ ᠤᠷᠤᠯᠳᠤᠭᠠᠨ ᠳᠤ ᠬᠤᠪᠢ ᠬᠦᠮᠦᠨ  ᠢᠶᠠᠷ ᠨᠢᠭᠡᠴᠡ ᠪᠤᠯᠭᠠᠨ ᠨᠡᠷ᠎ᠡ  ᠮᠡᠳᠡᠭᠦᠯᠦᠨ᠎ᠡ᠃ ᠭᠠᠴᠠᠭᠠᠨ ᠤ ᠰᠢᠭᠰᠢᠶ᠎ᠡ ᠮᠣᠷᠢᠨ ᠤᠷᠤᠯᠳᠤᠭᠠᠨ ᠤ ᠣᠳᠣᠨ ᠮᠣᠷᠢᠨ ᠤ ᠲᠡᠮᠡᠴᠡᠭᠡᠨ ᠳᠤ ᠬᠤᠪᠢ ᠬᠤᠷᠠᠮᠳᠤᠭᠤᠯᠬᠤ ᠬᠤᠯᠪᠣᠭᠠᠲᠤ ᠤᠷᠤᠯᠳᠤᠭᠠᠨ ᠳᠤ ᠣᠷᠣᠯᠴᠠᠬᠤ ᠡᠯ᠎ᠡ ᠠᠩᠭᠢ ᠠᠴᠠ ᠨᠡᠷ᠎ᠡ ᠮᠡᠳᠡᠭᠦᠯᠦᠨ᠎ᠡ᠃      ᠲᠠᠯᠠᠪᠤᠷ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ᠲᠤᠰᠬᠠᠶ ᠮᠡᠷᠭᠡᠵᠢᠯ ᠤᠨ ᠮᠣᠷᠢᠨ ᠤᠷᠤᠯᠳᠤᠭᠠᠨ ᠤ ︽ᠬᠠᠭᠠᠯᠲᠠ ᠳᠤ ᠣᠷᠣᠵᠤ ᠡᠬᠢᠯᠡᠨ ᠭᠦᠶᠦᠬᠦ︾ ᠲᠣᠭᠲᠠᠴᠠ ᠶᠢ ᠣᠷᠣᠭᠤᠯᠤᠨ ᠠᠪᠴᠢᠷᠠᠵᠤ᠂ ᠮᠣᠷᠢ ᠶᠢ ᠪᠠᠷᠢᠮᠵᠢᠶᠠᠵᠢᠭᠰᠠᠨ ᠬᠠᠭᠠᠯᠲᠠ ᠠᠴᠠ ᠨᠢᠭᠡᠳᠦᠯᠲᠡᠶ ᠬᠥᠳᠡᠯᠵᠦ᠂ ᠤᠷᠤᠯᠳᠤᠭᠠᠨ ᠤ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ︔ ᠤᠷᠤᠯᠳᠤᠭᠠᠨ ᠤ ᠶᠠᠪᠤᠴᠠ ᠶᠢᠨ ᠲᠣᠬᠢᠷᠠᠭᠤᠯᠤᠯᠲᠠ ᠳᠤ ᠮᠤᠷᠢᠨ ᠤ ᠪᠡᠶ᠎ᠡ ᠶᠢᠨ ᠥᠨᠳᠥᠷ᠂ ᠬᠤᠷᠳᠤᠴᠠ ᠶᠢᠨ ᠲᠥᠷᠥᠯ ᠢᠯᠭᠠᠯ ᠢ ᠨᠠᠷᠢᠨ ᠬᠤᠪᠢᠶᠠᠵᠤ᠂ ᠤᠨᠤᠭᠠᠴᠢᠨ ᠤ  ᠤᠬᠠᠭᠠᠨ ᠪᠢᠯᠢᠭ ᠢ ᠰᠢᠯᠭᠠᠬᠤ ᠮᠥᠷᠲᠡᠭᠡᠨ ᠪᠠᠰᠠ ᠤᠷᠤᠯᠳᠤᠭᠠᠨ ᠤ ᠰᠣᠨᠢᠷᠬᠠᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠤᠷᠤᠯᠳᠤᠭᠠᠨ ᠢ ᠰᠤᠮᠤ ᠰᠢᠶᠠᠩ ᠪᠠᠯᠭᠠᠰᠤ ᠪᠠᠷ ᠨᠢᠭᠡᠴᠡ ᠪᠣᠯᠭᠠᠨ ᠤᠷᠤᠯᠳᠤᠭᠠᠨ ᠳᠤ ᠣᠷᠣᠯᠴᠠᠬᠤ ᠠᠩᠭᠢ ᠶᠢ ᠵᠣᠬᠢᠶᠠᠨ ᠪᠠᠶᠢᠭᠤᠯᠵᠤ᠂ ᠡᠯ᠎ᠡ ᠲᠥᠯᠥᠭᠡᠯᠡᠭᠴᠢᠳ ᠤᠨ ᠠᠩᠭᠢ ᠠᠩᠭᠢ ᠶᠢᠨ ᠬᠤᠪᠴᠠᠰᠤ᠂ ᠠᠩᠭᠢ ᠶᠢᠨ ᠰᠦᠯᠳᠡ ᠶᠢᠨ ᠵᠢᠷᠤᠭ ᠲᠥᠯᠥᠪᠯᠡᠭᠡ ᠳᠤ ᠲᠣᠰ ᠨᠤᠲᠤᠭ ᠤᠨ ᠰᠣᠶᠣᠯ ᠤᠨ ᠡᠯᠧᠮᠧᠨ᠋ᠲ ᠲᠠᠢ ᠠᠭᠤᠰᠤᠯᠴᠠᠵᠤ᠂ ︽ᠨᠢᠭᠡ ᠪᠠᠯᠭᠠᠰᠤ ᠨᠢᠭᠡ ᠣᠨᠴᠠᠯᠢᠭ︾ ᠤᠨ ᠬᠠᠷᠠᠭᠠᠨ ᠰᠡᠷᠡᠯ ᠤᠨ ᠲᠡᠮᠳᠡᠭ ᠢ ᠤᠯᠠᠮ ᠨᠢᠭᠡ ᠠᠯᠬᠤᠮ ᠢᠯᠡᠷᠡᠬᠦᠯᠬᠦ ᠭᠡᠷᠡᠭᠳᠠᠢ᠃ ᠡᠯ᠎ᠡ ᠤᠷᠤᠯᠳᠤᠭᠠᠨ ᠤ ᠠᠩᠭᠢ ᠶᠢᠨ ᠲᠠᠮᠢᠷᠴᠢᠨ ᠴᠤ ᠨᠢᠭᠡᠳᠦᠯᠲᠡᠶ ᠤᠷᠤᠯᠳᠤᠭᠠᠨ ᠤ ᠬᠤᠪᠴᠠᠰᠤ ᠡᠮᠦᠰᠴᠦ᠂ ᠤᠷᠤᠯᠳᠤᠭᠠᠨ ᠤ ᠲᠤᠭ ᠢᠶᠠᠨ ᠪᠤᠰᠬᠠᠵᠤ ᠂ ︽ᠭᠤᠶᠤᠯᠠᠯ  ᠤᠨ ᠬᠤᠪᠴᠠᠰᠤ ᠵᠠᠰᠠᠯ ᠤᠨ ᠮᠤᠷᠢᠳᠤ ᠠᠶᠠᠯᠠᠯᠳᠠ ᠲᠣᠭᠤᠷᠢᠨ ᠵᠢᠭᠤᠯᠴᠢᠯᠠᠬᠤ︾ ᠬᠡᠯᠪᠡᠷᠢ ᠨᠢ ᠭᠠᠶᠢᠬᠠᠮᠰᠢᠭᠳᠠᠢ ᠪᠠᠷ ᠲᠤᠳᠤᠷᠠᠵᠤ᠂ ᠬᠦᠳᠡᠯᠦᠭᠴᠢ ᠲᠠᠢ ᠬᠠᠮᠳᠤ ᠬᠠᠷᠢᠶ᠎ᠠ ᠭᠠᠵᠠᠷ ᠤᠨ ᠢᠶᠠᠨ ᠰᠤᠶᠤᠯ᠂ ᠨᠡᠷ᠎ᠡ ᠬᠠᠳᠠᠭᠰᠠᠨ ᠨᠢᠭᠡᠴᠡ ᠵᠢᠴᠢ ᠲᠤᠰᠠᠯᠠᠬᠤ ᠦᠩᠭᠡ ᠶᠢᠨ ᠠᠭᠤᠯᠤᠭᠳᠠᠬᠤᠨ  ᠨᠢ ᠣᠯᠠᠨ ᠤ ᠠᠩᠬᠠᠷᠤᠯ ᠢ ᠶᠡᠬᠡᠳᠡ ᠲᠠᠳᠠᠬᠤ ᠪᠤᠯᠤᠨ᠎ᠠ ᠃ ᠦᠵᠡᠭᠴᠢᠳ‌ᠤᠷᠤᠯᠳᠤᠭᠠᠨ  ᠤ ᠠᠩᠭᠢ ᠶᠢᠨ ᠲᠤᠰᠠᠯᠠᠬᠤ ᠥᠩᠭᠡ ᠪᠠᠷ ᠢᠯᠭᠠᠨ ᠲᠠᠨᠢᠵᠤ᠂ ᠡᠩᠨᠡᠭᠡ  ᠳᠤ  ᠳᠡᠮᠵᠢᠯᠭᠡ  ᠦᠭᠴᠦ᠂ ︽ᠪᠥᠬᠦ ᠠᠷᠠᠳ ᠢᠶᠠᠷ ᠢᠶᠠᠨ ᠨᠤᠲᠤᠭ ᠤᠰᠤᠨ ᠤ ᠪᠠᠨ ᠤᠷᠤᠯᠳᠤᠭᠠᠨ ᠤ ᠠᠩᠭᠢ  ᠶᠢ ᠲᠡᠮᠵᠢᠬᠦ︾ ᠬᠥᠭᠵᠢᠶᠡᠨᠲᠡᠶ ᠠᠭᠤᠷ ᠠᠮᠢᠰᠬᠤᠯ ᠢ ᠪᠣᠶ ᠪᠣᠯᠭᠠᠵᠤ ᠪᠣᠯᠤᠨ᠎ᠠ᠃      ᠡᠭᠦᠨ ᠠᠴᠠ ᠭᠠᠳᠠᠨ᠎ᠠ᠂ ᠤᠷᠤᠯᠳᠤᠭᠠᠨ ᠤ ᠬᠤᠭᠤᠴᠠᠭᠠᠨ ᠳᠤ ᠰᠤᠮᠤ ᠰᠢᠶᠠᠩ ᠪᠠᠯᠭᠠᠰᠤ ᠨᠢᠭᠡᠪᠦᠷᠢ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ ᠨᠢᠭᠡ ᠤᠳᠠᠭᠠᠨ ᠤ ᠠᠳᠤᠭᠤᠨ ᠤ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ  ᠪᠠᠶᠢᠭᠤᠯᠤᠨ᠎ᠠ᠂ ᠡᠭᠦᠨ ᠳᠤ ᠤᠨᠤᠰᠢᠨ ᠬᠠᠷᠪᠤᠬᠤ᠂ ᠬᠠᠳᠠᠭ ᠲᠡᠭᠦᠬᠦ᠂ ᠮᠣᠷᠢᠨ ᠮᠡᠷᠭᠡᠵᠢᠯ᠂  ᠮᠤᠷᠢ ᠤᠷᠭᠠᠯᠠᠬᠤ᠂  ᠭᠤᠸ᠎ᠠ ᠰᠠᠶᠢᠬᠠᠨ ᠮᠤᠷᠢ ᠶᠢ ᠰᠣᠩᠭᠤᠬᠤ᠂ ᠮᠣᠷᠢᠨ ᠳᠡᠯ ᠵᠠᠰᠠᠬᠤ᠂ ᠮᠣᠷᠢᠨ ᠤ ᠰᠤᠷᠭᠠᠯᠲᠠ᠂ ᠠᠯᠲᠠᠨ ᠤᠨᠠᠭ᠎ᠠ ᠶᠢᠨ ᠪᠣᠯᠪᠠᠰᠤᠷᠠᠯ ᠤᠨ ᠤᠷᠤᠯᠳᠤᠭᠠᠨ ᠵᠡᠷᠭᠡ ᠪᠠᠶᠢᠵᠤ᠂  ᠡᠯ᠎ᠡ ᠰᠤᠮᠤ ᠰᠢᠶᠠᠩ ᠪᠠᠯᠭᠠᠰᠤᠨ ᠤ ᠠᠳᠠᠯᠢ ᠪᠤᠰᠤ ᠣᠨᠴᠠᠯᠢᠭ ᠢ ᠢᠯᠡᠷᠡᠭᠦᠯᠦᠭᠰᠡᠨ ᠮᠥᠷᠲᠡᠭᠡᠨ ᠠᠵᠢᠯᠯᠠᠭ᠎ᠠ ᠶᠢᠨ ᠭᠤᠶᠢᠳᠠ ᠰᠠᠶᠢᠬᠠᠨ ᠴᠢᠨᠠᠷ ᠪᠠ ᠰᠣᠨᠢᠷᠬᠠᠯᠲᠤ ᠴᠢᠨᠠᠷ ᠢ ᠪᠠᠳᠤᠯᠠᠬᠤ ᠪᠤᠯᠤᠨ᠎ᠠ᠃      4ᠰᠠᠷ᠎ᠠ ᠶᠢᠨ 20 ᠤ ᠡᠳᠦᠷ᠂ ᠭᠠᠴᠠᠭᠠᠨ ᠤ ᠰᠢᠭᠰᠢᠶ᠎ᠡ ᠮᠣᠷᠢᠨ ᠤᠷᠤᠯᠳᠤᠭᠠᠨ ᠤ ᠪᠠᠲᠤᠬᠠᠭᠠᠯᠭ᠎ᠠ ᠪᠠᠯᠭᠠᠰᠤᠨ ᠤ ᠲᠤᠰᠬᠠᠢ ᠲᠠᠯᠠᠪᠠᠢ ᠶᠢᠨ ᠠᠵᠢᠯᠯᠠᠭ᠎ᠠ ᠨᠢ ᠰᠣᠶᠣᠯ ᠤᠨ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ᠂ ᠵᠤᠭ᠎ᠠ ᠴᠡᠩᠭᠡᠯ ᠤᠨ ᠴᠢᠨᠠᠷ ᠢ ᠬᠠᠪᠰᠤᠷᠭᠠᠵᠤ᠂  ᠡᠯ᠎ᠡ ᠨᠠᠰᠤᠨ ᠤ ᠵᠢᠭᠤᠯᠴᠢᠯᠠᠭᠰᠠᠳ ᠢ ᠬᠠᠮᠤᠷᠴᠤ᠂ ︽  ᠤᠷᠤᠯᠴᠠᠭᠰᠠᠨ +  ᠱᠠᠩᠨᠠᠯ ᠤᠨ ᠰᠢᠪᠠᠭ᠎ᠠ ᠰᠤᠭᠤᠯᠬᠤ︾  ᠪᠠᠷ ᠳᠠᠮᠵᠢᠭᠤᠯᠵᠤ᠂ ᠤᠷᠤᠯᠴᠠᠭᠰᠠᠳ ᠤᠨ ᠲᠦᠷᠦᠭᠳᠡᠯ ᠢ ᠴᠢᠩᠭᠠᠳᠬᠠᠨ᠎ᠠ ︔ ᠦᠨᠳᠦᠰᠦᠲᠡᠨ ᠤ ᠣᠨᠴᠠᠯᠢᠭ ᠪᠣᠯᠤᠨ ᠭᠠᠵᠠᠷ ᠣᠷᠣᠨ ᠤ ᠡᠬᠢ ᠪᠠᠶᠠᠯᠢᠭ ᠢ ᠲᠤᠪᠤᠶᠢᠯᠭᠠᠵᠦ᠂ ᠵᠦᠷᠢᠶᠡᠴᠢᠯᠡᠭᠰᠡᠨ ᠤᠬᠠᠭᠤᠯᠭ᠎ᠠ ᠶᠢᠨ ᠲᠡᠮᠳᠡᠭ ᠢ ᠡᠭᠦᠳᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠲᠡᠰ ᠳᠡᠪᠰᠢᠬᠦ ᠳᠤ ᠬᠦᠴᠦᠨ ᠨᠡᠮᠡᠷᠢᠯᠡᠨ᠎ᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠠᠳᠤᠭᠤᠨ ᠤ ᠭᠤᠣᠯ ᠰᠡᠳᠦᠪ︾ ᠢᠶᠠᠷ ᠬᠢᠵᠠᠭᠠᠷᠯᠠᠭᠰᠠᠨ ᠪᠥᠵᠢᠭ ᠤᠨ ᠠᠩᠬᠠᠨ ᠤ ᠦᠵᠡᠭᠦᠯᠦᠯᠭᠡ  ᠲᠠᠢ᠂ ︽ᠠᠳᠤᠭᠤᠨ ᠤ ᠭᠤᠣᠯ ᠰᠡᠳᠦᠪ︾ ᠤᠨ ᠰᠣᠨᠢᠷᠬᠠᠯᠲᠤ ᠲᠣᠭᠯᠠᠭᠠᠮ ᠢ ᠶᠡᠭᠡ ᠪᠠᠷ ᠮᠥᠷᠦ᠋ᠢᠴᠡᠵᠦ᠂ ᠲᠠᠯ᠎ᠠ ᠨᠤᠲᠤᠭ  ᠤᠨ ᠮᠤᠷᠢᠳᠤ ᠴᠡᠷᠢᠭ ᠤᠨ ᠲᠦᠷᠦᠭᠳᠡᠯ + ᠦᠨᠳᠦᠰᠦᠳᠡᠨ ᠤ ᠭᠡᠪ ᠰᠤᠷᠳᠠᠯ ᠤᠨ ᠵᠢᠭᠤᠯᠴᠢᠯᠠᠨ ᠰᠡᠬᠦᠳᠡᠷᠯᠡᠬᠦ᠂ ᠭᠠᠷ ᠤᠷᠠᠯᠠᠯ ᠤᠨ ᠨᠡᠭᠡᠮᠡᠯ ᠂ ᠦᠨᠳᠦᠰᠦᠲᠡᠨ ᠤ ᠤᠨᠴᠠᠯᠢᠬᠳᠤ ᠭᠠᠷ ᠤᠷᠠᠯᠠᠯ ᠤᠨ ᠪᠦᠲᠦᠭᠡᠭᠳᠡᠬᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠨᠴᠠᠯᠢᠬᠳᠤ ᠢᠳᠡᠭᠡᠨ ᠢ ᠳᠡᠯᠭᠡᠨ ᠦᠵᠡᠭᠦᠯᠵᠦ ᠪᠣᠷᠣᠯᠠᠭᠤᠯᠤᠨ᠂ ᠢᠳᠡᠵᠦ ᠤᠤᠭᠤᠬᠤ ᠨᠠᠭᠠᠳᠴᠤ ᠵᠤᠭᠠᠴᠠᠬᠤ ᠪᠦᠬᠦ ᠱᠤᠭᠤᠮ ᠤᠨ ᠦᠢᠯᠡᠴᠢᠯᠡᠭᠡ ᠶᠢ ᠬᠠᠩᠭᠠᠵᠤ᠂ ᠵᠢᠭᠤᠯᠴᠢᠯᠠᠭᠰᠠᠳ  ᠤᠨ ᠰᠡᠳᠭᠢᠯ ᠢ ᠪᠠᠶᠠᠰᠬᠠᠨ᠎ᠠ᠃      4ᠰᠠᠷ᠎ᠠ ᠶᠢᠨ 20 ᠤ ᠡᠳᠦᠷ      2025 ᠤᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠠᠭᠴᠢ ᠲᠠᠯᠠᠪᠠᠢ ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ      ᠤᠳᠠᠯ ᠦᠭᠡᠢ  ᠡᠬᠢᠯᠡᠬᠦ ᠪᠣᠯᠣᠯ᠎ᠠ︕      ᠲᠠᠰᠢᠭᠤᠷ ᠡᠷᠬᠢᠬᠦᠯᠦᠨ ᠰᠠᠯᠬᠢ ᠭᠡᠶᠢᠰᠭᠡᠨ     ᠭᠡᠷᠡᠯ ᠵᠢᠷᠤᠭ ᠲᠠᠳᠠᠨ  ᠬᠠᠪᠤᠷ  ᠴᠠᠭ ᠢ ᠲᠡᠮᠳᠡᠭᠯᠡᠨ     ᠢᠳᠡᠵᠦ ᠤᠤᠭᠤᠵᠤ ᠨᠠᠭᠠᠳᠴᠤ ᠵᠤᠭᠠᠴᠠᠨ     ᠴᠠᠭ ᠮᠦᠴᠡ  ᠶᠢ  ᠤᠳᠬ᠎ᠠ  ᠠᠭᠤᠯᠭ᠎ᠠ ᠲᠠᠢ ᠦᠩᠭᠡᠷᠡᠬᠦᠯᠦᠨ᠎ᠡ     ᠡᠨᠡ ᠭᠠᠷᠠᠭ ᠤᠨ ᠡᠴᠦᠰ ᠲᠤ     ᠪᠢᠳᠡ ᠲᠠᠷᠬᠠᠨ ᠮᠣᠣᠮᠢᠩᠭᠠᠨ  ᠳᠤ  ᠠᠭᠤᠯᠵᠠᠶ᠎ᠠ ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号