ᠬᠦᠭᠡᠮᠳᠦᠭ ᠨᠤᠭᠤᠭᠠᠨ ᠦᠩᠭᠡ  ᠪᠠᠷ ᠰᠠᠶᠢᠨ ᠰᠠᠶᠢᠬᠠᠨ ᠢ ᠬᠠᠮᠲᠤ ᠪᠠᠷ ᠴᠣᠭᠴᠠᠯᠠᠶ᠎ᠠ  2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪ᠊
ᠨᠡᠶᠢᠲᠡᠯᠡᠭᠰᠡᠨ ᠴᠠᠭ᠄
2025/4/24
 ᠬᠠᠶᠢᠷᠠᠳᠤ ᠨᠠᠶᠢᠵᠠ ᠨᠠᠷ ᠡ᠄      ᠤᠷᠢᠬᠠᠨ ᠬᠠᠪᠤᠷ ᠮᠤᠷᠢᠯᠠᠵᠤ ᠰᠠᠭᠠᠳᠠᠨ᠂ ᠲᠦᠮᠡᠨ ᠪᠤᠳᠠᠰ ᠠᠮᠢᠯᠠᠨ ᠰᠡᠷᠬᠦᠵᠦ ᠂ ᠡᠨᠡ ᠵᠢᠯ ᠤᠨ 3 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ 44 ᠳ᠋ᠦ᠋ᠭᠡᠷ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠡᠳᠦᠷ ᠪᠣᠯᠤᠨ᠎ᠠ᠃ ᠮᠣᠳᠣ ᠪᠣᠯ ᠡᠬᠡ ᠪᠠᠶᠢᠭᠠᠯᠢ ᠶᠢᠨ ᠬᠠᠮᠠᠭᠠᠯᠠᠭᠴᠢ ᠮᠥᠨ᠂ ᠲᠡᠳᠡ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠨ᠂ ᠠᠭᠠᠷ ᠢ ᠴᠡᠪᠡᠷᠰᠢᠭᠦᠯᠵᠦ᠂ ᠪᠢᠳᠡᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠡᠭᠦᠳᠴᠦ ᠦᠭᠳᠡᠭ᠃ ᠠᠯᠪᠠᠨ ᠵᠢᠷᠤᠮ ᠤᠨ ᠮᠣᠳᠣ ᠲᠠᠷᠢᠬᠤ ᠳᠤ ᠢᠳᠡᠪᠬᠢᠲᠡᠢ ᠣᠷᠣᠯᠴᠠᠵᠤ᠂ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠤᠯᠢ ᠪᠠᠷ ᠲᠣᠭᠲᠠᠭᠠᠭᠰᠠᠨ ᠡᠭᠦᠷᠭᠡ ᠪᠣᠯᠬᠤ ᠪᠠᠷ ᠪᠠᠷᠠᠬᠤ ᠦᠭᠡᠢ᠂ ᠨᠡᠩ ᠴᠤ ᠪᠢᠳᠡᠨ ᠤ ᠪᠠᠶᠢᠭᠠᠯᠢ ᠶᠢᠨ ᠠᠴᠢ ᠶᠢ ᠬᠠᠷᠢᠭᠤᠯᠬᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠪᠣᠳᠠᠲᠤ ᠠᠵᠢᠯᠯᠠᠭ᠎ᠠ ᠪᠣᠯᠤᠨ᠎ᠠ᠃ ᠪᠢᠳᠡ 2025 ᠣᠨ ᠤ 4 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ 9᠄ 00 ᠴᠠᠭ ᠲᠤ ᠪᠠᠲᠤᠬᠠᠭᠠᠯᠭ᠎ᠠ ᠪᠠᠯᠭᠠᠰᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ︵ᠪᠠᠷᠠᠭᠤᠨ ᠭᠠᠷᠬᠤ ᠵᠠᠮ ᠤᠨ ᠵᠦᠷᠢᠯᠢᠭ ᠬᠥᠭᠦᠷᠭᠡ ᠠᠴᠠ ᠪᠠᠷᠠᠭᠤᠨᠰᠢ︶  ᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠦᠨ᠎ᠡ᠃ ᠠᠳᠡ᠂ ᠪᠢᠳᠡ ᠪᠥᠬᠦ ᠬᠤᠰᠢᠭᠤᠨ ᠤ ᠡᠯ᠎ᠡ ᠡᠲᠡᠭᠡᠳ ᠲᠤ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠡᠶᠢᠨᠬᠦ ᠰᠠᠨᠠᠭᠠᠴᠢᠯᠠᠭ᠎ᠠ ᠭᠠᠷᠭᠠᠶ᠎ᠠ ᠄      ᠨᠢᠭᠡ᠂ ᠢᠳᠡᠪᠬᠢᠲᠡᠢ ᠪᠠᠷ ᠣᠷᠣᠯᠴᠠᠵᠤ᠂  ᠪᠤᠬᠢᠷᠳᠤᠯ ᠦᠬᠡᠢ ᠬᠦᠰᠡᠯ ᠡᠷᠡᠮᠡᠯᠵᠡᠯ  ᠢ  ᠪᠡᠶᠡᠯᠡᠬᠦᠯᠦᠨ᠎ᠡ     ᠮᠣᠳᠣ ᠲᠠᠷᠢᠵᠤ ᠣᠶᠢᠵᠢᠭᠤᠯᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠶᠤᠮ᠃  ᠴᠤᠭ ᠪᠠᠳᠠᠷᠠᠩᠭᠤᠶ ᠰᠤᠷᠤᠭᠴᠢᠳ ᠴᠦ ᠲᠡᠷᠡ᠂ ᠠᠵᠢᠯ ᠳᠠᠭᠠᠨ ᠶᠠᠭᠠᠷᠠᠯᠲᠠᠶ ᠠᠵᠢᠯᠯᠠᠵᠤ ᠪᠠᠶᠢᠭ᠎ᠠ ᠬᠥᠮᠦᠰ ᠴᠦ ᠲᠡᠷᠡ᠂ ᠠᠵᠢᠯ ᠠᠴᠠ ᠪᠠᠨ ᠠᠮᠠᠷᠠᠭᠰᠠᠨ ᠨᠠᠰᠤᠲᠠᠳ ᠴᠤ ᠲᠡᠷᠡ᠂ ᠮᠣᠳᠣ ᠲᠠᠷᠢᠬᠤ ᠠᠵᠢᠯᠯᠠᠭ᠎ᠠ ᠶᠢᠨ ᠳᠤᠮᠳᠠ ᠥᠪᠡᠷ  ᠢᠶᠠᠨ ᠤᠷᠤᠯᠴᠠᠵᠤ ᠪᠣᠯᠣᠨ᠎ᠠ᠃ ᠠᠵᠢᠯᠴᠢ ᠬᠤᠶᠠᠷ ᠭᠠᠷ ᠢᠶᠠᠷ ᠢᠶᠠᠨ ᠮᠣᠳᠣ ᠲᠠᠷᠢᠵᠤ᠂  ᠬᠦᠴᠦ ᠬᠥᠯᠥᠰᠥ ᠪᠠᠷ ᠢᠶᠠᠨ ᠤᠰᠤᠯᠠᠵᠤ᠂ ᠬᠤᠲᠠ ᠳᠤ ᠰᠢᠨ᠎ᠡ  ᠰᠤᠷᠭᠤᠭ ᠥᠩᠭᠡ ᠪᠤᠳᠤᠭ ᠨᠡᠮᠡᠷᠢᠯᠡᠵᠦ ᠂ ᠦᠷ᠎ᠡ ᠬᠤᠶᠢᠴᠢᠰ ᠲᠠᠭᠠᠨ  ᠨᠢᠭᠡ ᠬᠡᠰᠡᠭ ᠨᠣᠭᠤᠭᠠᠨ ᠦᠩᠭᠡ ᠶᠢᠨ ᠪᠤᠶᠠᠨ ᠵᠢᠷᠭᠠᠯ  ᠡᠳ᠋ᠯᠡᠬᠦᠯᠬᠦ ᠪᠤᠯᠤᠨ᠎ᠠ  ᠃      ᠬᠤᠶᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠨᠠᠭᠠᠴᠢᠯᠠᠵᠤ᠂ ᠪᠣᠬᠢᠷᠲᠤᠯ ᠦᠭᠡᠢ ᠣᠶᠢᠯᠠᠭᠠᠭᠳᠠᠬᠤᠨ ᠢ ᠤᠯᠠᠮᠵᠢᠯᠠᠨ᠎ᠠ‌ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠶᠢᠨ ᠬᠠᠮᠲᠤ᠂ ᠪᠢᠳᠡ ᠪᠠᠰᠠ ᠳᠡᠷᠭᠡᠳᠡᠬᠢ ᠬᠥᠮᠦᠰ ᠲᠤ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠢᠳᠡᠪᠬᠢᠲᠡᠢ ᠲᠠᠮᠵᠢᠭᠤᠯᠵᠤ ᠦᠭᠭᠦᠨ᠎ᠡ᠃ ᠡᠬᠢ ᠪᠠᠶᠠᠯᠢᠭ ᠢ ᠠᠷᠪᠢᠯᠠᠬᠤ᠂ ᠪᠣᠬᠢᠷᠲᠤᠯ ᠢ ᠪᠠᠭᠠᠰᠬᠠᠬᠤ᠂ ᠪᠣᠬᠢᠷᠲᠤᠯ ᠥᠬᠡᠶ ᠶᠠᠪᠤᠵᠤ ᠰᠠᠭᠤᠬᠤ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠦᠢᠯᠡ ᠠᠵᠢᠯᠯᠠᠭ᠎ᠠ ᠶᠢ ᠰᠠᠨᠠᠭᠠᠴᠢᠯᠠᠵᠤ᠂ ᠨᠠᠩ ᠣᠯᠠᠨ ᠬᠦᠮᠦᠰ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠨᠢᠭᠤᠯᠵᠤ᠂ ᠬᠥᠮᠦᠨ ᠪᠦᠬᠦᠨ ᠣᠷᠣᠯᠴᠠᠵᠤ᠂ ᠪᠣᠬᠢᠷᠲᠤᠯ ᠥᠬᠡᠶ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ᠭᠤᠷᠪᠠ᠂ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠦᠷᠭᠡᠳᠭᠡᠨ᠎ᠡ      ᠮᠣᠳᠣ ᠲᠠᠷᠢᠬᠤ ᠠᠵᠢᠯᠯᠠᠭ᠎ᠠ ᠳᠤ ᠰᠢᠭᠤᠳ ᠣᠷᠣᠯᠴᠠᠬᠤ ᠠᠴᠠ ᠭᠠᠳᠠᠨ᠎ᠠ᠂ ᠪᠢᠳᠡ ᠪᠠᠰᠠ ᠮᠣᠳᠣ ᠠᠷᠠᠴᠢᠯᠠᠨ ᠲᠡᠵᠢᠭᠡᠬᠦ᠂ ᠨᠣᠭᠤᠭᠠᠷᠠᠭᠤᠯᠤᠯᠲᠠ ᠶᠢᠨ ᠤᠬᠠᠭᠤᠯᠭ᠎ᠠ ᠳᠤ ᠣᠷᠣᠯᠴᠠᠬᠤ᠂ ᠡᠳ᠋ ᠮᠥᠩᠭᠦ ᠬᠠᠨᠳᠢᠪᠯᠠᠵᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠣᠳᠣ ᠲᠠᠷᠢᠬᠤ ᠡᠭᠦᠷᠭᠡ ᠪᠠᠨ ᠭᠦᠢᠴᠡᠳᠬᠡᠵᠦ ᠪᠣᠯᠤᠨ᠎ᠠ᠃ ᠡᠯ᠎ᠡ ᠵᠦᠢᠯ ᠤᠨ ᠠᠷᠭ᠎ᠠ ᠬᠡᠯᠪᠡᠷᠢ ᠪᠣᠯ ᠴᠥᠮ ᠪᠣᠬᠢᠷᠲᠤᠯ ᠦᠭᠡᠢ ᠦᠢᠯᠡᠰ ᠤᠨ ᠳᠡᠮᠵᠢᠯᠭᠡ ᠮᠥᠨ᠂ ᠬᠦᠴᠦᠨ ᠴᠢᠳᠠᠯ ᠨᠢᠭᠡᠪᠦᠷᠢ ᠨᠢ ᠴᠥᠮ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ  ᠪᠤᠯᠤᠨ ᠬᠤᠷᠠᠮᠳᠤᠬᠤ ᠪᠣᠯᠤᠨ᠎ᠠ᠃      ᠨᠠᠶᠢᠵᠠ ᠨᠠᠷ ᠡ᠂ ᠪᠢᠳᠡ ᠢᠳᠡᠪᠬᠢᠲᠡᠢ ᠬᠥᠳᠡᠯᠦᠯᠴᠡᠵᠦ᠂ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ  ᠤᠷᠤᠯᠴᠠᠵᠠᠭᠠᠶ᠎ᠠ᠃ ᠡᠨᠡ ᠬᠦ ᠬᠠᠪᠤᠷ  ᠤᠨ ᠤᠯᠠᠷᠢᠯ ᠳᠤ᠂ ᠬᠦᠭᠡᠮᠳᠦᠭ ᠨᠤᠭᠤᠭᠠᠨ ᠦᠩᠭᠡ  ᠪᠠᠷ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠣᠭᠴᠠᠯᠠᠵᠤ᠂ ᠨᠡᠩ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠲᠠᠷᠬᠠᠨ ᠮᠤᠤᠮᠢᠩᠭᠠᠨ ᠤ ᠲᠥᠯᠥᠭᠡ ᠥᠪᠡᠷ ᠤᠨ ᠬᠤᠪᠢ ᠨᠡᠮᠡᠷᠢ ᠪᠠᠨ ᠦᠵᠡᠭᠦᠯᠦᠶ᠎ᠡ︕      ᠵᠡᠭᠦᠯᠲᠡ᠄ ᠮᠣᠳᠣ ᠲᠠᠷᠢᠬᠤ ᠠᠵᠢᠯᠯᠠᠭ᠎ᠠ ᠳᠤ ᠥᠪᠡᠷᠲᠡᠭᠡᠨ ᠪᠠᠭᠠᠵᠢ ᠭᠡᠷᠡᠭᠰᠡᠯ ᠢᠶᠠᠨ ᠠᠪᠴᠤ᠂ ᠮᠣᠳᠣ ᠤᠰᠤᠯᠠᠬᠤ ᠤᠰᠤ  ᠶᠢ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠩᠭᠠᠨ᠎ᠠ᠃        ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号