ᠬᠠᠮᠤᠭ ᠤᠨ ᠰᠢᠨ᠎ᠡ ᠰᠡᠷᠡᠮᠵᠢᠯᠡᠭᠦᠯᠦᠯ᠄ ᠳᠤᠮᠳᠠᠴᠢ ᠰᠠᠯᠬᠢᠨ ᠤ ᠬᠦᠴᠦ ᠨᠢ 6 ᠳᠡᠰ ᠪᠤᠶᠤ ᠲᠦᠷ ᠵᠠᠭᠤᠷ᠎ᠠ ᠶᠢᠨ ᠰᠠᠯᠬᠢᠨ ᠤ ᠬᠦᠴᠦ ᠨᠢ 7 ᠳᠡᠰ ᠠᠴᠠ ᠳᠡᠭᠡᠭᠰᠢᠬᠢ ᠪᠤᠯᠵᠤ ᠡᠯᠡᠰᠦᠨ ᠰᠢᠭᠤᠷᠭ᠎ᠠ ᠲᠡᠭᠳᠡᠨ᠎ᠡ
ᠨᠡᠶᠢᠲᠡᠯᠡᠭᠰᠡᠨ ᠴᠠᠭ᠄
2025/4/24
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 04 ᠰᠠᠷ᠎ᠠ ᠶᠢᠨ 23 ᠤ ᠡᠳᠦᠷ ᠤᠨ 08 ᠴᠠᠭ 40 ᠮᠢᠨᠦ᠋ᠲ ᠲᠤ ᠦᠷᠭᠦᠯᠵᠢᠯᠡᠨ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠵᠦ᠂ 24 ᠴᠠᠭ ᠤᠨ ᠳᠣᠲᠣᠷ᠎ᠠ ᠪᠥᠬᠦ ᠬᠤᠰᠢᠭᠤ ᠪᠠᠷ ᠢᠶᠠᠨ ᠶᠡᠭᠡ ᠰᠠᠯᠬᠢᠨ ᠤ ᠨᠥᠯᠥᠭᠡ ᠶᠢ ᠭᠥᠷᠳᠡᠵᠦ᠂ ᠳᠤᠮᠳᠠᠴᠢ ᠰᠠᠯᠬᠢᠨ ᠤ ᠬᠦᠴᠦ ᠨᠢ 6 ᠲᠠᠰ ᠠᠴᠠ ᠳᠡᠭᠡᠭᠰᠢ ᠪᠠᠶᠢᠵᠤ᠂  ᠲᠦᠷ ᠵᠠᠭᠤᠷ᠎ᠠ 7 ᠲᠠᠰ ᠠᠴᠠ ᠳᠡᠭᠡᠭᠰᠢ   ᠰᠠᠯᠬᠢᠯᠠᠵᠤ᠂ ᠡᠯᠡᠰᠦᠨ ᠰᠢᠭᠤᠷᠭ᠎ᠠ  ᠲᠡᠭᠳᠡᠨ᠎ᠡ᠃ ᠬᠤᠯᠪᠣᠭᠳᠠᠯ ᠪᠦᠬᠦᠢ  ᠪᠠᠶᠢᠭᠤᠯᠭ᠎ᠠ ᠨᠢᠭᠡᠴᠡ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      24 ᠴᠠᠭ ᠤᠨ ᠳᠣᠲᠣᠷ᠎ᠠ ᠪᠠᠭ᠎ᠠ ᠣᠩᠭᠤᠨ ᠰᠢᠶᠠᠩ᠂ ᠰᠢᠷᠠᠮᠦ᠋ᠷᠡᠨ ᠪᠠᠯᠭᠠᠰᠤ᠂ ᠦᠬᠡᠷᠬᠤᠳᠳᠤᠭ ᠪᠠᠯᠭᠠᠰᠤ᠂  ᠰᠢᠪᠠᠷᠬᠦ᠋ᠷᠢᠶ᠎ᠡ ᠪᠠᠯᠭᠠᠰᠤ᠂  ᠰᠢ ᠾᠧ  ᠰᠢᠶᠠᠩ᠂ ᠪᠠᠲᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ᠂ ᠪᠠᠶ᠋ᠬᠠᠤᠪᠤᠭ᠎ᠠ ᠰᠤᠮᠤ᠂ ᠳᠠᠷᠬᠠᠨ ᠰᠤᠮᠤ᠂ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ᠂ ᠴᠠᠭᠠᠨᠬᠠᠳᠠ ᠰᠤᠮᠤ ᠨᠢ ᠶᠡᠭᠡ ᠰᠠᠯᠬᠢᠨ ᠤ ᠨᠥᠯᠥᠭᠡ  ᠬᠦᠷᠳᠡᠵᠦ᠂ ᠳᠤᠮᠳᠠᠴᠢ ᠰᠠᠯᠬᠢᠨ ᠤ ᠬᠦᠴᠦ ᠨᠢ 6 ᠳᠡᠰ ᠠᠴᠠ ᠳᠡᠭᠡᠭᠰᠢ ᠪᠤᠶᠤ ᠲᠦᠷ ᠵᠠᠭᠤᠷ᠎ᠠ ᠶᠢᠨ ᠰᠠᠯᠬᠢᠨ ᠤ ᠬᠦᠴᠦ ᠨᠢ 7 ᠳᠡᠰ ᠠᠴᠠ ᠳᠡᠭᠡᠭᠰᠢᠬᠢ ᠪᠤᠯᠵᠤ ᠂ ᠡᠯᠡᠰᠦᠨ ᠰᠢᠭᠤᠷᠭ᠎ᠠ ᠲᠡᠭᠳᠡᠨ᠎ᠡ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠰᠡᠷᠬᠡᠶᠢᠯᠡᠯᠳᠡ ᠶᠢᠨ ᠵᠦᠭᠯᠡᠭᠦᠷ      1. ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠪᠡᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃      2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠬᠠᠰᠢᠶ᠎ᠠ ᠰᠠᠷᠠᠪᠴᠢ᠂ ᠵᠠᠷ ᠮᠡᠳᠡᠭᠡᠨ ᠤ ᠫᠠᠶᠢᠰᠠ ᠵᠡᠷᠭᠡ ᠠᠮᠠᠷᠬᠠᠨ ᠰᠠᠯᠬᠢᠨ  ᠳᠤ ᠬᠡᠶᠢᠰᠬᠦ ᠪᠣᠳᠠᠰ ᠢ ᠪᠠᠬᠢᠵᠢᠭᠦᠯᠵᠦ᠂ ᠶᠡᠭᠡ ᠰᠠᠯᠬᠢᠨ ᠳᠤ ᠠᠮᠠᠷᠬᠠᠨ ᠨᠥᠯᠥᠭᠡᠯᠡᠭᠳᠡᠬᠦ ᠭᠡᠷ ᠤᠨ ᠭᠠᠳᠠᠨᠠᠬᠢ ᠪᠣᠳᠠᠰ ᠢ ᠲᠣᠬᠢᠲᠠᠶ ᠲᠥᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢ ᠬᠠᠯᠬᠠᠯᠠᠬᠤ ᠬᠡᠷᠡᠭᠲᠡᠶ᠃      3᠂ ᠶᠠᠪᠠᠭᠠᠨ ᠬᠦᠮᠦᠨ ᠠᠯᠢ ᠴᠢᠳᠠᠬᠤ ᠪᠠᠷ ᠳᠤᠭᠤᠢ ᠲᠡᠷᠭᠡ ᠤᠨᠠᠬᠤ ᠦᠬᠡᠢ ᠪᠠᠶᠢᠬᠤ ᠶᠢ ᠠᠩᠬᠠᠷᠴᠤ᠂ ᠰᠠᠯᠬᠢ ᠲᠠᠢ ᠦᠶ᠎ᠡ ᠳᠤ ᠵᠠᠷ ᠮᠡᠳᠡᠭᠡᠨ ᠤ  ᠫᠠᠶᠢᠰᠠ᠂ ᠲᠦᠷ ᠴᠠᠭ ᠤᠨ ᠪᠠᠷᠢᠮᠠᠯ  ᠵᠡᠷᠭᠡ  ᠶᠢᠨ  ᠬᠠᠵᠠᠭᠤ ᠪᠠᠷ  ᠪᠠᠶᠢᠵᠤ ᠪᠣᠯᠬᠤ ᠦᠭᠡᠢ᠃      4 ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠡ ᠣᠶ ᠰᠢᠭᠤᠶ᠂ ᠨᠤᠲᠤᠭ ᠪᠡᠯᠴᠢᠭᠡᠷ ᠵᠡᠷᠭᠡ ᠶᠢᠨ ᠭᠠᠯ  ᠢ ᠰᠡᠷᠭᠡᠶᠢᠯᠡᠬᠦ ᠶᠢ ᠠᠩᠬᠠᠷᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号