ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠬᠡᠪ ᠰᠤᠷᠲᠠᠯ
ᠨᠡᠶᠢᠲᠡᠯᠡᠭᠰᠡᠨ ᠴᠠᠭ᠄
2025/4/24
      ᠪᠥᠬᠦ ᠨᠠᠰᠤ ᠶᠢ ᠬᠠᠮᠤᠷᠤᠭᠰᠠᠨ ᠬᠦᠮᠦᠰ ᠣᠷᠣᠯᠴᠠᠵᠤ᠂ ᠠᠮᠢᠵᠢᠷᠠᠯ ᠤᠨ ᠬᠦᠴᠦᠨ ᠢ ᠬᠠᠮᠲᠤᠪᠠᠷ ᠡᠳ᠋ᠯᠡᠨ᠎ᠡ    ︽ᠡᠷᠡᠭᠦᠯ ᠡᠩᠬᠡ ᠳᠤᠮᠳᠠᠳᠤ ᠤᠯᠤᠰ︾ ᠤᠨ ᠪᠠᠶᠢᠯᠳᠤᠬᠤ ᠪᠣᠳᠣᠯᠭ᠎ᠠ ᠶᠢᠨ ᠠᠬᠢᠭᠤᠯᠤᠯ ᠳᠣᠤᠷ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠢ ᠨᠢᠭᠡᠨᠲᠡ ᠨᠡᠶᠢᠭᠡᠮ ᠤᠨ ᠬᠥᠭᠵᠢᠯᠲᠡ ᠶᠢᠨ ︽ᠵᠣᠯ ᠵᠢᠷᠭᠠᠯ ᠤᠨ ᠨᠢᠭᠤᠴᠠ ᠨᠣᠮᠧᠷ︾ ᠪᠣᠯᠤᠭᠰᠠᠨ ᠪᠠᠶᠢᠨ᠎ᠠ᠃ ᠴᠤᠭ ᠵᠢᠪᠬᠤᠭ᠎ᠠ ᠪᠠᠳᠠᠷᠠᠩᠭᠤᠶ ᠵᠠᠯᠠᠭᠤᠴᠤᠳ ᠪᠠᠭᠠᠴᠤᠳ᠂ ᠠᠵᠢᠯ ᠤᠨ   ᠹᠷᠤᠨᠲ ᠳᠤ  ᠭᠠᠪᠰᠢᠭᠠᠶᠢᠯᠠᠵᠤ ᠪᠠᠶᠢᠭ᠎ᠠ ᠢᠳᠡᠷ ᠵᠠᠯᠠᠭᠤᠴᠤᠳ ᠂ ᠡᠰᠡᠬᠦᠯ᠎ᠡ  ᠦᠳᠡᠯᠦᠭᠡ ᠨᠠᠰᠤ ᠶᠢ ᠪᠠᠶᠠᠷ ᠬᠥᠷ ᠲᠠᠢ ᠡᠳ᠋ᠯᠡᠵᠦ ᠪᠠᠶᠢᠭ᠎ᠠ ᠨᠠᠰᠤᠲᠠᠶᠢᠴᠤᠳ ᠭᠡᠰᠡᠨ ᠥᠬᠡᠶ᠂ ᠤᠯᠠᠮ ᠠᠴᠠ ᠤᠯᠠᠮ ᠣᠯᠠᠨ ᠬᠥᠮᠦᠨ ᠲᠠᠮᠢᠷ ᠤᠨ ᠬᠥᠳᠡᠯᠭᠡᠭᠡᠨ ᠤ ᠳᠤᠮᠳᠠ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠬᠦᠴᠦ ᠬᠥᠯᠥᠰᠥᠨ ᠤ ᠳᠤᠮᠳᠠ ᠡᠷᠡᠭᠦᠯ ᠮᠡᠨᠳᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠪᠥᠬᠦ ᠨᠠᠰᠤ ᠶᠢ ᠬᠠᠮᠤᠷᠤᠭᠰᠠᠨ᠂ ᠪᠥᠬᠦ ᠦᠵᠡᠭᠳᠡᠯ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠣᠤᠷ ᠰᠦᠯᠵᠢᠶ᠎ᠡ ᠶᠠᠭ ᠲᠠᠷᠬᠠᠨ ᠮᠤᠤᠮᠢᠩᠭᠠᠨ  ᠬᠤᠯᠪᠤᠭᠠᠳᠤ ᠬᠤᠰᠢᠭᠤᠨ ᠳᠤ ᠨᠡᠬᠡᠵᠦ᠂ ᠡᠷᠡᠭᠦᠯ ᠡᠩᠬᠡ ᠳᠤᠮᠳᠠᠳᠤ ᠤᠯᠤᠰ ᠲᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃   ᠵᠠᠯᠠᠭᠤᠴᠤᠳ ᠪᠠᠭᠠᠴᠤᠳ᠄      ᠪᠡᠶ᠎ᠡ ᠶᠢᠨ ᠲᠠᠮᠢᠷ ᠤᠨ ᠬᠦᠳᠡᠯᠬᠡᠬᠡᠨ ᠢᠶᠠᠷ ᠬᠠᠨᠢ ᠪᠤᠯᠭᠠᠵᠤ᠂ ᠦᠰᠦᠨ ᠪᠤᠶᠢᠵᠢᠯᠳᠠ ᠳᠤ ᠴᠢᠳᠠᠪᠤᠷᠢ ᠤᠯᠭᠤᠬᠤ        ︿ ᠯᠢᠩ ᠯᠢᠩ ᠯᠢᠩ ᠁﹀ ︽ᠬᠢᠴᠢᠶᠡᠯ ᠤᠨ ᠵᠠᠪᠰᠠᠷ︾ ᠤᠨ ᠬᠤᠩᠬᠤ ᠶᠢᠨ ᠳᠠᠭᠤ ᠴᠤᠤᠷᠢᠶᠠᠳᠤᠨ ᠲᠤᠤᠭᠠᠷᠬᠤ ᠶᠢ ᠳᠠᠭᠠᠯᠳᠤᠨ᠂ ᠳᠠᠷᠬᠠᠨ ᠮᠤᠤᠮᠢᠩᠭᠠᠨ  ᠬᠤᠯᠪᠤᠭᠠᠳᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠡᠭᠡᠷ᠎ᠡ ᠬᠥᠷ ᠬᠥᠭᠵᠢᠶᠡᠨ ᠢᠶᠠᠷ ᠪᠢᠯᠬᠠᠨ᠎ᠠ᠃ ᠬᠢᠴᠢᠶᠡᠯ ᠤᠨ ᠵᠠᠪᠰᠠᠷᠯᠠᠭ᠎ᠠ ᠶᠢᠨ ᠢᠷᠠᠭᠤ ᠰᠠᠶᠢᠬᠠᠨ ᠳᠠᠭᠤᠤ ᠬᠥᠭᠵᠢᠮ ᠤᠨ ᠬᠥᠭ ᠠᠶᠠᠰ  ᠤᠨ ᠲᠤᠮᠳᠠ᠂ ᠰᠤᠷᠤᠭᠴᠢᠳ ᠭᠠᠷ ᠲᠠᠬᠢ ᠭᠤᠶᠢᠳᠠ ᠰᠠᠶᠢᠬᠠᠨ ᠳᠡᠭᠡᠰᠦ ᠪᠠᠨ ᠬᠤᠷᠦ᠋ᠢᠯᠠᠵᠤ᠂ ᠰᠤᠷᠭᠠᠭᠤᠯᠢ ᠶᠢᠨ ᠬᠦᠷᠢᠶᠡᠨ ᠤ ᠬᠠᠮᠤᠭ ᠤᠨ ᠰᠡᠳᠬᠢᠯ ᠬᠥᠳᠡᠯᠭᠡᠮ᠎ᠡ ᠦᠵᠡᠮᠵᠢ ᠶᠢᠨ ᠣᠷᠣᠨ ᠢ ᠪᠦᠷᠢᠯᠳᠦᠭᠦᠯᠵᠡᠶ᠃      ︽ᠪᠢ ᠬᠥᠳᠡᠯᠭᠡᠭᠡᠨ ᠳᠤ ᠤᠷᠤᠯᠴᠠᠵᠤ᠂  ᠪᠠᠶᠠᠷ ᠬᠥᠷ ᠲᠠᠢ ᠪᠠᠶᠢᠨ᠎ᠠ︾᠂ ︽ᠨᠡᠷᠡᠨ  ᠭᠡᠷᠡᠯᠳᠦ ᠪᠡᠶ᠎ᠡ ᠶᠢᠨ ᠲᠠᠮᠢᠷ᠂ ᠲᠠᠮᠢᠷ ᠤᠨ ᠬᠥᠳᠡᠯᠭᠡᠭᠡᠨ  ᠲᠠᠢ ᠰᠤᠷᠭᠠᠭᠤᠯᠢ︾᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠭᠰᠠᠨ︾ ᠦᠨᠢᠷ ᠥᠳᠬᠡᠨ ᠠᠭᠤᠷ ᠠᠮᠢᠰᠬᠤᠯ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠰᠤᠷᠭᠠᠭᠤᠯᠢ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃ ᠡᠶᠢᠮᠦᠷᠬᠦ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠪᠡᠶ᠎ᠡ ᠮᠠᠬᠠᠪᠣᠳ ᠢ ᠪᠦᠲᠦᠮᠵᠢᠲᠡᠶ ᠪᠠᠷ ᠴᠢᠬᠢᠷᠠᠭᠵᠢᠭᠤᠯᠵᠤ᠂ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠠᠢ ᠃     ︽ᠤᠳᠤ ᠮᠠᠨ ᠤ ᠬᠢᠴᠢᠶᠡᠯ ᠤᠨ ᠵᠠᠪᠰᠠᠷᠯᠠᠭ᠎ᠠ ᠶᠢᠨ ᠴᠠᠭ  ᠢ ᠤᠷᠳᠤᠳᠬᠠᠵᠠᠢ᠂ ᠪᠢᠳᠡ ᠥᠪᠡᠷ ᠤᠨ ᠳᠤᠷᠠᠲᠠᠢ ᠶᠠᠪᠤᠳᠠᠯ ᠢᠶᠠᠨ ᠬᠢᠵᠦ ᠪᠣᠯᠬᠤ ᠪᠥᠭᠡᠳ ᠪᠠᠰᠠ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ ᠪᠣᠯᠤᠨ᠎ᠠ᠂ ᠪᠢᠳᠠ ᠪᠦᠷ ᠣᠳᠣ ᠶᠢᠨ ᠡᠨᠡ ᠬᠦ ᠬᠤᠪᠢᠷᠠᠯᠲᠠ ᠳᠤ ᠮᠠᠰᠢ ᠳᠤᠷᠠᠲᠠᠢ ᠪᠠᠶᠢᠨ᠎ᠠ︾ ᠭᠡᠵᠦ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠰᠤᠷᠤᠭᠴᠢ ᠯᠢᠦ ᠰᠢᠩ ᠰᠢ ᠬᠡᠯᠡᠴᠢᠭᠡᠭᠡᠳ ᠮᠠᠩᠨᠠᠢ ᠳᠡᠭᠡᠷᠡᠬᠢ ᠬᠥᠯᠥᠰᠥ ᠪᠠᠨ ᠠᠷᠴᠢᠭᠠᠳ ᠲᠡᠰᠬᠡᠯ ᠦᠭᠡᠶ ᠪᠡᠶ᠎ᠡ ᠶᠢᠨ ᠲᠠᠮᠢᠷ ᠤᠨ ᠲᠠᠯᠠᠪᠠᠶ ᠤᠷᠤᠭᠤ  ᠬᠦᠶᠦᠪᠡ       ᠠᠵᠢᠯ ᠤᠨ ᠪᠠᠶᠢᠷᠢ ᠶᠢᠨ ᠬᠦᠮᠦᠰ᠄     ᠠᠷ ᠰᠠᠷ ᠴᠠᠭ ᠢᠶᠠᠷ ᠥᠨᠳᠥᠷ ᠪᠦᠲᠦᠮᠵᠢᠲᠡᠶ ᠪᠠᠷ ᠪᠡᠶ᠎ᠡ ᠪᠠᠨ ᠪᠣᠯᠪᠠᠰᠤᠷᠠᠵᠤ᠂ ᠠᠵᠢᠯ  ᠠᠯᠪᠠ ᠪᠠ ᠡᠷᠡᠭᠦᠯ ᠮᠡᠨᠳᠦ ᠬᠤᠶᠠᠷ ᠢ ᠰᠠᠭᠠᠲᠠᠭᠠᠬᠤ ᠦᠭᠡᠢ      ︽ᠴᠢᠷᠮᠠᠢ︕ ᠴᠢᠷᠮᠠᠢ︕︾  ᠬᠡᠵᠦ ᠬᠠᠰᠬᠢᠷᠤᠯᠳᠤᠬᠤ ᠲᠠᠭᠤᠨ ᠰᠤᠷᠪᠤᠯᠵᠢᠯᠠᠭᠴᠢ ᠶᠢᠨ ᠰᠤᠨᠤᠷ ᠲᠤ ᠬᠦᠷᠪᠡ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠳᠤ ᠬᠦᠷᠬᠦ ᠳᠤ᠂ ᠰᠤᠷᠪᠤᠯᠵᠢᠯᠠᠭᠴᠢ ᠮᠠᠰᠢ ᠤᠯᠠᠨ ᠠᠵᠢᠯᠳᠠᠨ ᠠᠵᠢᠯᠴᠢᠨ ᠤ ᠥᠳᠥᠨ ᠪᠥᠮᠪᠦᠭᠡ᠂ ᠰᠠᠭᠰᠤᠨ ᠪᠥᠮᠪᠦᠭᠡ ᠵᠡᠷᠭᠡ ᠬᠥᠳᠡᠯᠭᠡᠭᠡᠨ ᠳᠤ ᠣᠷᠣᠯᠴᠠᠭᠰᠠᠨ ᠢ ᠣᠯᠵᠤ ᠬᠠᠷᠠᠪᠠ᠃ ᠲᠡᠳᠡ ᠡᠨᠡ ᠬᠦ ᠵᠢᠵᠢᠭᠬᠡᠨ ᠤᠷᠤᠯᠳᠤᠭᠠᠨ ᠤ ᠲᠠᠯᠠᠪᠤᠷ ᠲᠤ ᠬᠦᠴᠦ ᠬᠥᠯᠥᠰᠥ ᠪᠠᠨ ᠤᠷᠤᠰᠬᠠᠵᠤ᠂ ᠥᠪᠡᠷ ᠥᠪᠡᠷ ᠤᠨ ᠬᠥᠳᠡᠯᠭᠡᠭᠡᠨ ᠤ ᠤᠷ᠎ᠠ ᠴᠢᠳᠠᠪᠤᠷᠢ ᠪᠠᠨ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠡᠷᠡᠯᠬᠡᠭᠯᠡᠨ ᠲᠡᠮᠡᠴᠡᠬᠦ ᠬᠥᠳᠡᠯᠭᠡᠭᠡᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃     ᠥᠳᠥᠨ ᠪᠥᠮᠪᠦᠭᠡ ᠶᠢᠨ ᠣᠷᠳᠣᠨ᠂ ᠰᠠᠭᠰᠤᠨ ᠪᠥᠮᠪᠦᠭᠡ ᠶᠢᠨ ᠲᠠᠯᠠᠪᠠᠢ᠂  ᠦᠷᠦᠭᠡ ᠲᠤᠳᠤᠷᠠᠬᠢ ᠪᠡᠶ᠎ᠡ ᠴᠢᠭᠢᠷᠠᠭᠵᠢᠭᠤᠯᠬᠤ ᠭᠡᠷ ᠁ ᠡᠳᠦᠭᠡ᠂ ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠲᠠᠯᠠᠪᠠᠶ ᠨᠢ 29.92 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠠᠶ ᠶᠢ ᠨᠡᠶᠢᠲᠡ 206 ᠪᠠᠶᠢᠭᠤᠯᠵᠤ᠂ ᠬᠥᠮᠦᠨ ᠪᠦᠷᠢ ᠳᠤ ᠨᠤᠭᠳᠠᠬᠤ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 4.46 ᠲᠡᠭᠰᠢ ᠳᠥᠷᠪᠡᠯᠵᠢᠨ ᠮᠧᠲᠷ ᠲᠤ ᠬᠦᠷᠭᠡᠪᠡ᠃ ᠨᠡᠶᠢᠭᠡᠮ ᠲᠣᠭᠤᠷᠢᠭ ᠤᠨ ᠳᠣᠲᠣᠷᠠᠬᠢ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ 6᠂ ᠭᠡᠷ ᠤᠨ ᠭᠠᠳᠠᠨᠠᠬᠢ ᠴᠡᠴᠡᠷᠯᠢᠭ 13᠂ ᠪᠡᠶ᠎ᠡ ᠶᠢᠨ ᠲᠠᠮᠢᠷ ᠤᠨ ᠲᠠᠯᠠᠪᠠᠢ 2 ᠪᠣᠶ᠃ ᠡᠬᠦᠨ ᠳᠤ ᠬᠡᠷ ᠲᠤᠳᠤᠷᠠᠬᠢ ᠳᠠᠯᠠᠪᠠᠢ ᠳᠤ ᠫᠢᠡᠭᠫᠠᠨᠭ᠌ ᠪᠦᠮᠪᠦᠭᠡ ᠶᠢᠨ ᠳᠠᠶᠢᠰᠠ 8᠂ ᠶᠠᠷᠤᠩᠬᠡᠶᠢᠯᠡᠭᠰᠡᠨ ᠳᠤᠭᠤᠷᠢᠭ 1 ᠂ ᠪᠡᠶ᠎ᠡ ᠴᠢᠬᠢᠷᠠᠭᠵᠢᠭᠤᠯᠬᠤ ᠪᠠᠭᠠᠵᠢ ᠬᠡᠷᠡᠭᠰᠡᠯ 7 ᠢᠵᠢ ᠪᠤᠢ᠃ ᠭᠡᠷ ᠳᠣᠲᠣᠷᠠᠬᠢ ᠬᠥᠯ ᠪᠥᠮᠪᠦᠭᠡ ᠶᠢᠨ ᠣᠷᠳᠣᠨ ᠨᠡᠶᠢᠭᠡᠮ ᠳᠤ  ᠬᠠᠨᠳᠤᠭᠤᠯᠤᠭᠰᠠᠨ ᠬᠥᠯ ᠪᠥᠮᠪᠦᠭᠡ ᠶᠢᠨ ᠲᠠᠯᠠᠪᠤᠷ 1᠂ ᠥᠳᠥᠨ ᠪᠥᠮᠪᠦᠭᠡ ᠶᠢᠨ ᠲᠠᠯᠠᠪᠤᠷ 6᠂ ᠤᠯᠠᠮᠵᠢᠯᠠᠯᠲᠤ ᠨᠤᠮᠤ ᠬᠠᠷᠪᠤᠬᠤ ᠲᠠᠯᠠᠪᠤᠷ 1 ᠪᠣᠶ︔ ᠭᠡᠷ ᠤᠨ ᠭᠠᠳᠠᠨᠠᠬᠢ  ᠮᠣᠷᠢᠨ ᠤᠷᠤᠯᠳᠤᠭᠠᠨ ᠤ ᠲᠠᠯᠠᠪᠠᠢ 1᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠤᠷ ᠬᠠᠷᠪᠤᠬᠤ ᠲᠠᠯᠠᠪᠠᠢ 2᠂ ᠪᠥᠬᠡ ᠶᠢᠨ ᠲᠠᠯᠠᠪᠤᠷ 1᠂ ᠣᠯᠠᠨ ᠴᠢᠳᠠᠮᠵᠢᠲᠤ ᠰᠢᠩᠭᠡᠯᠢᠭ ᠮᠠᠶ᠋ᠢᠭ ᠤᠨ ᠲᠠᠮᠢᠷ ᠤᠨ ᠲᠠᠯᠠᠪᠠᠢ 5 ᠪᠠᠶᠢᠵᠤ᠂ 2025 ᠣᠨ ᠳᠤ ᠪᠠᠰᠠ 700 ᠲᠡᠭᠰᠢ ᠳᠥᠷᠪᠡᠯᠵᠢᠨ ᠮᠧᠲᠷ ᠣᠯᠠᠨ ᠴᠢᠳᠠᠮᠵᠢᠲᠤ ᠰᠢᠩᠭᠡᠯᠢᠭ ᠮᠠᠶ᠋ᠢᠭ ᠤᠨ ᠲᠠᠮᠢᠷ ᠤᠨ ᠲᠠᠯᠠᠪᠠᠶ ᠶᠢ 2 ᠰᠢᠨ᠎ᠡ ᠪᠠᠷ ᠪᠠᠶᠢᠭᠤᠯᠬᠤ ᠪᠠᠷ ᠪᠠᠶᠢᠨ᠎ᠠ ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤᠯᠠᠮ ᠠᠴᠠ ᠤᠯᠠᠮ ᠣᠯᠠᠨ ᠪᠣᠯᠵᠣ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠵᠣᠯ ᠵᠢᠷᠭᠠᠯ ᠤᠨ ᠷᠠᠳᠢᠦ᠋ᠰ︾ ᠦᠷᠭᠦᠯᠵᠢᠯᠡᠨ ᠥᠷᠭᠡᠵᠢᠵᠦ᠂ ᠠᠮᠢᠳᠤᠷᠠᠯ ᠤᠨ ᠠᠭᠤᠷ ᠠᠮᠢᠰᠬᠤᠯ ᠢᠶᠠᠷ  ᠪᠢᠯᠬᠠᠮ᠎ᠠ ᠪᠡᠶ᠎ᠡ ᠴᠢᠭᠢᠷᠠᠭᠵᠢᠭᠤᠯᠬᠤ ᠦᠵᠡᠭᠳᠡᠯ ᠤᠳ ᠠᠵᠢᠯᠲᠠᠨ ᠠᠵᠢᠯᠴᠢᠨ ᠣᠯᠠᠨ ᠲᠦᠮᠡᠨ ᠤ ︽ᠬᠡᠷ ᠤᠨ ᠡᠭᠦᠳᠡ︾ ᠳᠤ ᠢᠯᠡᠷᠡᠪᠡ᠃     ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠠᠶᠠᠯᠢᠭ ᠪᠠᠶᠠᠷᠲᠠᠢ ᠪᠠᠷ᠄ ︽ᠠᠵᠢᠯᠯᠠᠵᠤ ᠪᠠᠶᠢᠭ᠎ᠠ ᠬᠦᠮᠦᠨ ᠪᠣᠯᠤᠭᠰᠠᠨ ᠤ ᠬᠤᠪᠢ ᠳᠤ᠂ ᠪᠢᠳᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠬᠤᠪᠢ ᠨᠡᠮᠡᠷᠢ ᠦᠵᠡᠭᠦᠯᠪᠡᠯ ᠵᠣᠬᠢᠨ᠎ᠠ᠂ ᠡᠳᠦᠷ ᠪᠦᠷᠢ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠲᠠᠮᠢᠷ ᠤᠨ ᠬᠥᠳᠡᠯᠭᠡᠭᠡᠨ  ᠬᠢᠬᠦ  ᠨᠢ ᠪᠢᠳᠡᠨ ᠤ ᠥᠪᠡᠷ ᠤᠨ ᠡᠷᠡᠭᠦᠯ ᠮᠡᠨᠳᠦ  ᠳᠤ ᠪᠠᠨ ᠬᠠᠷᠢᠭᠤᠴᠠᠵᠤ ᠪᠠᠶᠢᠭ᠎ᠠ ᠶᠠᠪᠤᠳᠠᠯ ᠪᠣᠯᠤᠨ᠎ᠠ᠃ ᠲᠠᠮᠢᠷ ᠤᠨ ᠬᠥᠳᠡᠯᠭᠡᠭᠡᠨ ᠨᠢ ᠳᠠᠳᠬᠠᠯ ᠪᠣᠯᠵᠣ᠂ ᠡᠷᠡᠭᠦᠯ ᠮᠡᠨᠳᠦ ᠶᠢ ᠡᠳᠦᠷ ᠲᠣᠲᠤᠮ ᠤᠨ ᠠᠮᠢᠳᠤᠷᠠᠯ ᠳᠠᠭᠠᠨ ᠠᠭᠤᠰᠤᠯᠴᠠᠭᠤᠯᠵᠤ᠂ ᠪᠥᠬᠦ ᠠᠷᠠᠳ ᠤᠨ ᠪᠡᠶ᠎ᠡ ᠮᠠᠬᠠᠪᠤᠳ ᠴᠢᠭᠢᠷᠠᠭᠵᠢᠭᠤᠯᠬᠤ ᠦᠷᠨᠢᠯᠳᠡ ᠨᠢ ᠨᠠᠩ ᠶᠡᠭᠡ ᠠᠮᠢᠵᠢᠷᠠᠯ ᠤᠨ ᠬᠦᠴᠦᠨ ᠲᠠᠢ᠂ ᠨᠠᠩ ᠴᠢᠩᠭ᠎ᠠ ᠤᠶᠠᠨ ᠬᠠᠳᠠᠨ ᠴᠢᠨᠠᠷᠲᠠᠶ ᠡᠷᠡᠭᠦᠯ ᠡᠩᠬᠡ ᠳᠤᠮᠳᠠᠳᠤ ᠤᠯᠤᠰ ᠢ  ᠪᠤᠢ ᠪᠤᠯᠭᠠᠬᠤ ᠨᠢ ᠯᠠᠪᠳᠠᠢ ᠶᠤᠮ︾  ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号