ᠡᠨᠡ ᠬᠦ ᠲᠦᠷᠭᠡᠨ ᠠᠶᠢᠵᠠᠮ ᠤᠨ ᠴᠠᠭ ᠦᠶ᠎ᠡ ᠳᠤ᠂ ᠮᠡᠳᠡᠭᠡ ᠵᠠᠩᠭᠢ ᠤᠷᠤᠰᠬᠠᠯ ᠮᠡᠲᠦ ᠣᠷᠭᠢᠯᠤᠨ | ᠢᠷᠡᠬᠦ ᠳᠤ ᠪᠢᠳᠡ ᠦᠷᠭᠦᠯᠵᠢ ᠱᠤᠤᠭᠢᠶᠠᠨ ᠳᠤᠮᠳᠠ ᠶᠠᠭᠠᠷᠠᠯᠳᠤᠵᠤ ᠪᠠᠶᠢᠳᠠᠭ᠃ ᠭᠡᠪᠡᠴᠦ ᠵᠢᠯ ᠪᠦᠷᠢ ᠶᠢᠨ 4 ᠳ᠋ᠦ᠋ᠭᠡᠷ | ᠰᠠᠷ᠎ᠠ ᠶᠢᠨ 23 ᠤ ᠡᠳᠦᠷ᠂ ᠨᠢᠭᠡᠨ ᠨᠣᠮ ᠪᠢᠴᠢᠭ ᠲᠤ ᠬᠠᠷᠢᠶᠠᠯᠠᠭᠳᠠᠬᠤ᠂ ᠮᠡᠳᠡᠯᠭᠡ ᠬᠦᠭᠡᠭᠡᠴᠡᠯᠳᠦᠬᠦ ᠬᠦᠮᠦᠰ ᠲᠤ | ᠬᠠᠷᠢᠶᠠᠯᠠᠭᠳᠠᠬᠤ ᠣᠨᠴᠠᠭᠠᠢ ᠡᠳᠦᠷ — ᠳᠡᠯᠡᠬᠡᠢ ᠶᠢᠨ ᠨᠣᠮ ᠤᠩᠰᠢᠬᠤ ᠡᠳᠦᠷ ᠪᠠᠶᠢᠳᠠᠭ᠃ ᠲᠡᠷᠡ ᠨᠢ ᠶᠠᠭ ᠨᠢᠭᠡᠨ | ᠭᠡᠭᠡᠨ ᠳ᠋ᠧᠩ ᠰᠢᠭ ᠪᠢᠳᠡᠨ ᠤ ᠨᠣᠮ ᠤᠩᠰᠢᠬᠤ ᠵᠠᠮ ᠢ ᠭᠡᠷᠡᠯᠲᠦᠭᠦᠯᠵᠦ᠂ ᠪᠢᠳᠡᠨ ᠢ ᠨᠣᠮ ᠤᠨ ᠶᠢᠷᠲᠢᠨᠴᠦ ᠳᠤ | ᠲᠡᠭᠦᠰ ᠪᠣᠯᠣᠰᠢ ᠦᠭᠡᠢ ᠡᠷᠳᠡᠨᠢ ᠶᠢᠨ ᠰᠠᠩ ᠬᠠᠶᠢᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | — ᠭᠤᠷᠺᠢ | 01 ︽ᠤᠮᠠᠷᠠᠲᠤ ᠬᠢᠯᠢ ᠶᠢᠨ ᠪᠢᠴᠢᠭ ᠤᠨ ᠰᠣᠷᠪᠣᠯᠵᠢᠲᠠᠨ ᠳᠠᠷᠬᠠᠨ ᠮᠤᠤᠮᠢᠩᠭᠠᠨ ᠢ ᠦᠵᠡᠶ᠎ᠡ︾ — | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠥᠬᠦ ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭ᠎ᠠ ᠶᠢᠨ | ᠡᠬᠢᠯᠡᠯᠲᠡ ᠶᠢᠨ ᠶᠣᠰᠣᠯᠠᠯ ᠵᠢᠴᠢ 4 · 23 ᠳᠡᠯᠡᠬᠡᠶ ᠶᠢᠨ ᠨᠣᠮ ᠤᠩᠰᠢᠬᠤ ᠡᠳᠦᠷ ᠤᠨ ᠭᠤᠤᠯ ᠰᠡᠳᠦᠪᠲᠦ | ᠠᠵᠢᠯᠯᠠᠭ᠎ᠠ | ᠭᠤᠤᠯᠯᠠᠨ ᠡᠷᠬᠢᠯᠡᠭᠰᠡᠨ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ | ᠳᠠᠭᠠᠭᠠᠴᠢᠯᠠᠨ ᠡᠷᠬᠢᠯᠡᠬᠦ ᠨᠢᠭᠡᠴᠢ᠄ ᠳᠠᠷᠬᠠᠨ ᠮᠤᠤᠮᠢᠩᠭᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠠᠷᠬᠠᠨ | ᠮᠤᠤᠮᠢᠩᠭᠠᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ | ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠨᠣᠮ ᠤᠨ ᠰᠠᠩ᠂ ᠳᠠᠷᠬᠠᠨ ᠮᠤᠤᠮᠢᠩᠭᠠᠨ ᠬᠤᠰᠢᠭᠤᠨ ᠤ | ᠰᠢᠨᠬᠤᠸᠠ ᠨᠣᠮ ᠤᠨ ᠳᠡᠯᠭᠡᠭᠦᠷ | ᠠᠵᠢᠯᠯᠠᠭ᠎ᠠ ᠶᠢᠨ ᠴᠠᠭ᠄ 2025 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ᠤᠨ 9᠄ 30 | ᠠᠵᠢᠯᠯᠠᠭ᠎ᠠ ᠶᠢᠨ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠣᠮ ᠤᠨ ᠰᠠᠩ | ᠠᠵᠢᠯᠯᠠᠭ᠎ᠠ ᠶᠢᠨ ᠭᠤᠣᠯ ᠰᠡᠳᠦᠪ᠄ ︽ᠤᠮᠠᠷᠠᠲᠤ ᠬᠢᠯᠢ ᠶᠢᠨ ᠪᠢᠴᠢᠭ ᠤᠨ ᠰᠣᠷᠪᠣᠯᠵᠢᠲᠠᠨ ᠳᠠᠷᠬᠠᠨ | ᠮᠤᠤᠮᠢᠩᠭᠠᠨ ᠢ ᠦᠵᠡᠶ᠎ᠡ︾ | ᠠᠵᠢᠯᠯᠠᠭ᠎ᠠ ᠶᠢᠨ ᠠᠭᠤᠯᠭ᠎ᠠ᠄ 1. ᠪᠥᠬᠦ ᠠᠷᠠᠳ ᠢᠶᠠᠷ ᠢᠶᠠᠨ ᠨᠣᠮ ᠤᠩᠰᠢᠬᠤ ᠰᠠᠨᠠᠭᠠᠴᠢᠯᠠᠭ᠎ᠠ ᠶᠢᠨ ᠪᠢᠴᠢᠭ ᠢ | ᠤᠩᠰᠢᠨ ᠨᠡᠶᠢᠲᠡᠯᠡᠪᠡ︔2. ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠪᠠᠶᠠᠷ ᠤᠨ ᠦᠭᠡ ᠬᠡᠯᠡᠪᠡ︔ 3. ᠬᠠᠮᠲᠤ ᠶᠢᠨ ᠤᠷᠠᠨ ᠤᠩᠰᠢᠯᠭ᠎ᠠ ᠶᠢᠨ ᠲᠣᠭᠯᠠᠯᠲᠠ ︽ | ᠬᠡᠷᠡᠯ ᠰᠠᠴᠤᠷᠠᠩᠭᠤᠶ ᠥᠩᠭᠡᠷᠡᠯᠲᠡ︾᠂ ᠳᠠᠭᠤᠤ ᠬᠥᠭᠵᠢᠮ ᠤᠨ ᠲᠣᠭᠯᠠᠯᠲᠠ ︽ᠴᠠᠭᠠᠨ ᠮᠣᠷᠢ︾︔ 4. | ᠬᠤᠰᠢᠭᠤᠨ ᠤ ᠨᠣᠮ ᠤᠨ ᠰᠠᠩ ᠳᠤᠮᠳᠠᠳᠤ ᠪᠠᠭ᠎ᠠ ᠰᠤᠷᠭᠠᠭᠤᠯᠢ ᠳᠤ ᠨᠣᠮ ᠪᠢᠴᠢᠭ ᠵᠢᠭᠡᠯᠡᠨ ᠤᠩᠰᠢᠬᠤ ᠺᠠᠷᠲ | ᠪᠡᠯᠡᠭᠯᠡᠪᠡ︔ 5. ᠣᠨᠴᠠ ᠤᠷᠢᠭᠰᠠᠨ ᠨᠡᠷ᠎ᠡ ᠲᠥᠷᠥ ᠲᠠᠢ ᠨᠣᠮ ᠤᠩᠰᠢᠭᠴᠢ ᠳᠤ ᠨᠣᠮ ᠤᠩᠰᠢᠭᠰᠠᠨ ᠲᠦᠷᠦᠭᠳᠡᠯ | ᠢᠶᠠᠨ ᠬᠤᠪᠢᠶᠠᠯᠴᠠᠬᠤ ᠪᠠ ᠨᠣᠮ ᠪᠢᠴᠢᠭ ᠤᠨ ᠲᠠᠨᠢᠯᠴᠠᠭᠤᠯᠭ᠎ᠠ ᠬᠢᠪᠡ︔ 6. ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ︽ᠤᠩᠰᠢᠯᠭ᠎ᠠ ᠶᠢᠨ ᠣᠳᠣ︾᠂ ︽ᠬᠠᠮᠤᠭ ᠤᠨ ᠭᠤᠶᠣ ᠨᠣᠮ ᠤᠩᠰᠢᠬᠤ ᠭᠡᠷ ᠪᠦᠯᠢ︾᠂ ︽ | ᠬᠠᠮᠤᠭ ᠤᠨ ᠭᠤᠶᠣ ᠤᠩᠰᠢᠭᠴᠢᠳ︾ ᠢ ᠬᠥᠬᠢᠭᠦᠯᠦᠨ ᠰᠠᠶᠢᠰᠢᠶᠠᠪᠠ︔ 7. ︽ᠳᠠᠷᠬᠠᠨ ᠮᠤᠤᠮᠢᠩᠭᠠᠨ ᠤ ᠲᠡᠦᠬᠡ | ᠰᠤᠶᠤᠯ ᠤᠨ ᠲᠤᠬᠠᠢ ᠲᠣᠪᠴᠢ ᠶᠠᠷᠢᠯᠴᠠᠭ᠎ᠠ︾ ᠲᠤᠰᠬᠠᠢ ᠰᠡᠳᠦᠪᠲᠦ ᠲᠠᠶᠢᠯᠤᠮᠵᠢ᠃ | 02 ᠬᠥᠳᠡᠭᠡ ᠲᠣᠰᠬᠤᠨ ᠤ ᠰᠤᠷᠭᠠᠭᠤᠯᠢ ᠪᠢᠴᠢᠮᠡᠯ ᠰᠣᠨᠢᠨ ᠪᠠ ᠭᠤᠸ᠎ᠠ ᠰᠠᠶᠢᠬᠠᠨ ᠤ ᠠᠵᠢᠯᠯᠠᠭ᠎ᠠ | ᠴᠤᠭᠯᠠᠭᠤᠯᠪᠠ | ᠠᠵᠢᠯᠯᠠᠭ᠎ᠠ ᠶᠢᠨ ᠴᠠᠭ᠄ 2025 ᠣᠨ ᠤ 5 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ | ᠠᠵᠢᠯᠯᠠᠭ᠎ᠠ ᠶᠢᠨ ᠠᠭᠤᠯᠭ᠎ᠠ᠄ ᠭᠤᠤᠯ ᠰᠡᠳᠦᠪ ᠨᠢᠭᠡ᠄ ᠮᠢᠨᠦ ᠨᠢᠳᠦᠨ ᠳᠠᠬᠢ ᠦᠵᠡᠰᠬᠦᠯᠡᠩᠲᠦ ᠰᠠᠶᠢᠬᠠᠨ | ᠨᠤᠲᠤᠭ ᠭᠤᠤᠯ ᠰᠡᠳᠦᠪ ᠬᠤᠶᠠᠷ᠄ ᠮᠢᠨᠦ ᠮᠡᠳᠡᠵᠦ ᠪᠠᠶᠢᠭ᠎ᠠ ᠨᠤᠲᠤᠭ ᠤᠨ ᠬᠥᠮᠦᠨ ᠰᠣᠶᠣᠯ | ᠣᠷᠣᠯᠴᠠᠬᠤ ᠨᠢᠭᠡᠴᠢ᠄ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠳᠤᠮᠳᠠᠳᠤ | ᠪᠠᠭ᠎ᠠ ᠰᠤᠷᠭᠠᠭᠤᠯᠢ ᠵᠡᠷᠭᠡ ᠬᠠᠮᠲᠤᠯᠢᠭ ᠵᠢᠴᠢ ᠬᠤᠪᠢ ᠬᠥᠮᠦᠨ | 03 ︽ᠤᠮᠠᠷᠠᠲᠤ ᠬᠢᠯᠢ ᠶᠢᠨ ᠪᠢᠴᠢᠭ ᠤᠨ ᠰᠣᠷᠪᠣᠯᠵᠢᠲᠠᠨ ᠳᠠᠷᠬᠠᠨ ᠮᠤᠤᠮᠢᠩᠭᠠᠨ ᠢ ᠦᠵᠡᠶ᠎ᠡ︾ ᠮᠠᠯᠴᠢᠨ | ᠲᠠᠷᠢᠶᠠᠴᠢᠨ ᠤ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠂ ᠭᠠᠷ ᠤᠷᠠᠯᠠᠯ ᠤᠨ ᠪᠦᠲᠦᠭᠡᠯ ᠡᠯᠰᠡᠬᠦ | ᠠᠵᠢᠯᠯᠠᠭ᠎ᠠ ᠦᠷᠨᠢᠭᠦᠯᠪᠡ | ᠠᠵᠢᠯᠯᠠᠭ᠎ᠠ ᠶᠢᠨ ᠴᠠᠭ᠄ 2025 ᠣᠨ ᠤ 5 ᠳ᠋ᠤᠭᠠᠷ ᠰᠠᠷ᠎ᠠ — 9 ᠳ᠋ᠦ᠋ᠭᠡᠷ ᠰᠠᠷ᠎ᠠ | ᠠᠵᠢᠯᠯᠠᠭ᠎ᠠ ᠶᠢᠨ ᠠᠭᠤᠯᠭ᠎ᠠ᠄ ᠡᠯ᠎ᠡ ᠭᠠᠵᠠᠷ ᠣᠷᠣᠨ ᠰᠢᠯᠢᠳᠡᠭ ᠤᠷᠠᠨ ᠪᠢᠴᠢᠯᠭᠡ ᠤᠷᠠᠨ ᠵᠢᠷᠤᠭ᠂ ᠭᠡᠷᠡᠯ | ᠵᠢᠷᠤᠭ᠂ ᠴᠠᠭᠠᠰᠤᠨ ᠬᠠᠶᠢᠴᠢᠯᠠᠮᠠᠯ᠂ ᠭᠠᠷ ᠤᠷᠠᠯᠠᠯ ᠵᠡᠷᠭᠡ ᠪᠦᠲᠦᠭᠡᠯ ᠰᠢᠯᠢᠨ ᠰᠤᠩᠭᠤᠬᠤ ᠶᠢ ᠵᠣᠬᠢᠶᠠᠨ ᠪᠠᠶᠢᠭᠤᠯᠵᠤ | ᠂ ᠥᠷᠭᠡᠨ ᠣᠯᠠᠨ ᠲᠦᠮᠡᠨ ᠵᠢᠴᠢ ᠮᠠᠯᠴᠢᠨ ᠲᠠᠷᠢᠶᠠᠴᠢᠳ ᠢ ᠵᠣᠬᠢᠶᠠᠯ ᠪᠦᠲᠦᠭᠡᠯ ᠢᠶᠠᠷ ᠡᠬᠡ ᠤᠯᠤᠰ ᠢᠶᠠᠨ ᠮᠠᠭᠲᠠᠨ | ᠰᠠᠶᠢᠰᠢᠶᠠᠵᠤ᠂ ᠴᠠᠭ ᠦᠶ᠎ᠡ ᠶᠢ ᠮᠠᠭᠲᠠᠨ ᠳᠠᠭᠤᠯᠠᠵᠤ᠂ ᠨᠤᠲᠤᠭ ᠤᠰᠤ ᠪᠠᠨ ᠮᠠᠭᠲᠠᠨ ᠰᠠᠶᠢᠰᠢᠶᠠᠬᠤ ᠶᠢ ᠬᠥᠲᠥᠯᠥᠨ | ᠵᠢᠯᠤᠭᠤᠳᠪᠠ᠃ | ᠭᠤᠤᠯᠯᠠᠨ ᠡᠷᠬᠢᠯᠡᠭᠰᠡᠨ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ | ᠣᠷᠣᠯᠴᠠᠬᠤ ᠡᠲᠡᠭᠡᠳ᠄ ᠪᠥᠬᠦ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠂ | ᠴᠠᠭᠠᠰᠤᠨ ᠬᠠᠶᠢᠴᠢᠯᠠᠮᠠᠯ᠂ ᠭᠠᠷ ᠤᠷᠠᠯᠠᠯ ᠳᠤ ᠪᠠᠭ᠋ᠠᠲᠠᠢ ᠬᠥᠮᠦᠰ | 04 ᠳᠦᠷᠪᠡᠳᠦᠭᠡᠷ ᠬᠤᠭᠤᠴᠠᠭᠠᠨ ᠤ ︽ᠪᠢ ᠪᠣᠯ ᠨᠢᠭᠡ ᠠᠨᠠᠷ ᠤᠨ ᠦᠷ᠎ᠡ ᠰᠡᠳᠬᠢᠯ ᠨᠢᠭᠡᠲᠦᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ | ᠠᠵᠢᠯᠯᠠᠭ᠎ᠠ ᠶᠢᠨ ᠴᠠᠭ᠄ 2025 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ | ᠠᠵᠢᠯᠯᠠᠭ᠎ᠠ ᠶᠢᠨ ᠠᠭᠤᠯᠭ᠎ᠠ᠄ ᠪᠥᠬᠦ ᠬᠤᠰᠢᠭᠤᠨ ᠤ ᠰᠤᠷᠭᠠᠭᠤᠯᠢ ᠪᠠᠷ ᠭᠤᠤᠯ ᠴᠣᠭᠴᠠ ᠪᠣᠯᠭᠠᠵᠤ᠂ ᠨᠢᠭᠡ | ᠪᠦᠯᠦᠭ ᠪᠠᠭᠠᠴᠤᠳ ᠳᠠᠭᠠᠭᠤᠯᠤᠨ ᠤᠩᠰᠢᠭᠴᠢ ᠶᠢ ᠰᠣᠩᠭᠤᠨ ᠬᠦᠮᠦᠵᠢᠭᠦᠯᠦᠨ᠎ᠡ᠃ ᠤᠩᠰᠢᠯᠭ᠎ᠠ ᠶᠢᠨ ᠤᠷᠤᠯᠳᠤᠭᠠᠨ | ᠶᠠᠪᠤᠭᠤᠯᠤᠨ᠎ᠠ᠃ | ᠭᠤᠤᠯᠯᠠᠨ ᠡᠷᠭᠢᠯᠡᠬᠦ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ | ᠳᠠᠭᠠᠭᠠᠨ ᠡᠷᠬᠢᠯᠡᠬᠦ ᠨᠢᠭᠡᠴᠢ᠄ ᠳᠠᠷᠬᠠᠨ ᠮᠤᠤᠮᠢᠩᠭᠠᠨ᠂ ᠬᠤᠯᠪᠣᠭᠠᠲᠤ ᠬᠤᠰᠢᠭᠤᠨ ᠤ ᠨᠣᠮ ᠤᠨ ᠰᠠᠩ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ | 05 ᠨᠣᠮ ᠪᠢᠴᠢᠭ ᠤᠨ ᠰᠣᠷᠪᠣᠯᠵᠢᠲᠠᠨ ᠤᠮᠠᠷᠠᠲᠤ ᠬᠢᠯᠢ ᠶᠢᠨ ᠰᠣᠶᠣᠯ ᠵᠤᠭᠠᠴᠠᠯ ᠤᠩᠰᠢᠯᠠᠭ᠎ᠠ ᠲᠠᠢ | ᠠᠭᠤᠰᠤᠯᠴᠠᠭᠤᠯᠤᠨ ᠰᠤᠳᠤᠯᠤᠨ ᠰᠤᠷᠤᠯᠴᠠᠬᠤ ᠠᠵᠢᠯᠯᠠᠭ᠎ᠠ ᠳᠡᠯᠭᠡᠷᠡᠭᠦᠯᠬᠦ | ᠠᠵᠢᠯᠯᠠᠭ᠎ᠠ ᠶᠢᠨ ᠴᠠᠭ᠄ 2025 ᠣᠨ ᠤ 5 ᠳ᠋ᠤᠭᠠᠷ ᠰᠠᠷ᠎ᠠ — 11 ᠳ᠋ᠤᠭᠠᠷ ᠰᠠᠷ᠎ᠠ | ᠠᠵᠢᠯᠯᠠᠭ᠎ᠠ ᠶᠢᠨ ᠠᠭᠤᠯᠭ᠎ᠠ᠄ ᠬᠤᠰᠢᠭᠤᠨ ᠤ ᠨᠣᠮ ᠤᠨ ᠰᠠᠩ ᠲᠣᠰ ᠭᠠᠵᠠᠷ ᠣᠷᠣᠨ ᠤ ᠡᠬᠢ ᠪᠠᠶᠠᠯᠢᠭ ᠤᠨ | ᠳᠠᠪᠠᠭᠤᠯᠢᠭ ᠢᠶᠠᠨ ᠠᠰᠢᠭᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ | ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ ᠤᠨ ᠭᠤᠤᠯ ᠰᠡᠳᠦᠪᠲᠦ | ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠭᠤᠤᠯᠯᠠᠨ ᠡᠷᠭᠢᠯᠡᠬᠦ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ | ᠣᠷᠣᠯᠴᠠᠭᠰᠠᠨ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠨᠣᠮ ᠤᠨ ᠰᠠᠩ᠂ ᠪᠥᠬᠦ | ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ | 06 ︽ᠮᠠᠷᠠᠰᠣᠨ ᠤᠷᠤᠯᠳᠤᠭᠠᠨ ᠢ ᠤᠩᠰᠢᠬᠤ︾ ᠠᠵᠢᠯᠯᠠᠭ᠎ᠠ | ᠠᠵᠢᠯᠯᠠᠭ᠎ᠠ ᠶᠢᠨ ᠴᠠᠭ᠄ 2025 ᠣᠨ ᠤ 4 ᠳ᠋ᠦ᠋ᠭᠡᠷ ᠰᠠᠷ᠎ᠠ — 11 ᠳ᠋ᠤᠭᠠᠷ ᠰᠠᠷ᠎ᠠ | ᠠᠵᠢᠯᠯᠠᠭ᠎ᠠ ᠶᠢᠨ ᠠᠭᠤᠯᠭ᠎ᠠ᠄ ᠬᠤᠰᠢᠭᠤᠨ ᠤ ᠨᠣᠮ ᠤᠨ ᠰᠠᠩ᠂ ᠡᠯ᠎ᠡ ᠳᠤᠮᠳᠠᠳᠤ ᠪᠠᠭ᠎ᠠ ᠰᠤᠷᠭᠠᠭᠤᠯᠢ | ᠤᠩᠰᠢᠭᠴᠢᠳ ᠢ ᠵᠣᠬᠢᠶᠠᠨ ᠪᠠᠶᠢᠭᠤᠯᠤᠨ ᠤᠩᠰᠢᠯᠭ᠎ᠠ ᠶᠢᠨ ᠺᠠᠷᠲ ᠴᠣᠭᠤᠯᠬᠤ ᠠᠷᠭ᠎ᠠ ᠮᠠᠶ᠋ᠢᠭ ᠢᠶᠠᠷ ᠤᠷᠤᠯᠳᠤᠭᠠᠨ | ᠶᠠᠪᠤᠭᠤᠯᠵᠤ᠂ ᠣᠷᠣᠯᠴᠠᠭᠴᠢ ᠲᠠᠨᠢᠯᠴᠠᠭᠤᠯᠭ᠎ᠠ ᠶᠢᠨ ᠪᠢᠴᠢᠭ ᠤᠨ ᠬᠠᠭᠤᠳᠠᠰᠤ ᠶᠢ ᠦᠨᠳᠦᠰᠦᠯᠡᠨ ᠰᠦᠯᠵᠢᠶᠡᠨ | ᠳᠡᠭᠡᠷ᠎ᠡ ᠤᠩᠰᠢᠬᠤ ︵ᠡᠯᠧᠺᠲᠷᠣᠨ ᠨᠣᠮ︶ ᠪᠤᠶᠤ ᠰᠦᠯᠵᠢᠶᠡᠨ ᠭᠠᠳᠠᠨ᠎ᠠ ᠤᠩᠰᠢᠵᠤ᠂ ᠰᠦᠯᠵᠢᠶᠡᠨ ᠭᠠᠳᠠᠨ᠎ᠠ | ᠤᠩᠰᠢᠬᠤ ᠳᠤ ᠣᠷᠣᠯᠴᠠᠭᠴᠢ ᠡᠷᠬᠡᠪᠰᠢ ᠲᠠᠨᠢᠯᠴᠠᠭᠤᠯᠭ᠎ᠠ ᠶᠢᠨ ᠪᠢᠴᠢᠭ ᠤᠨ ᠸᠢᠳᠢᠣ᠋ ᠪᠤᠶᠤ ᠤᠩᠰᠢᠭᠴᠢ ᠶᠢᠨ | ᠲᠦᠷᠦᠭᠳᠡᠯ ᠤᠨ ᠸᠢᠳᠢᠤ᠋ ᠶᠢ ᠰᠢᠩᠭᠡᠭᠡᠨ ᠦᠢᠯᠡᠳᠴᠦ ᠡᠬᠡ ᠪᠢᠴᠢᠭ ᠦᠭᠴᠦ ᠺᠠᠷᠲ ᠴᠤᠭᠤᠯᠵᠤ᠂ ᠰᠢᠯᠭᠠᠷᠠᠭᠤᠯᠵᠤ | ᠭᠠᠷᠭᠠᠭᠰᠠᠨ ᠰᠢᠯᠢᠳᠡᠭ ᠤᠩᠰᠢᠭᠴᠢᠳ ᠪᠠ ᠪᠦᠲᠦᠭᠡᠯ ᠢ ᠬᠤᠰᠢᠭᠤᠨ ᠤ ᠨᠣᠮ ᠤᠨ ᠰᠠᠩ ᠠᠴᠠ ᠴᠤᠭᠯᠠᠭᠤᠯᠬᠤ ᠶᠢᠨ | ᠬᠠᠮᠲᠤ ᠠᠯᠪᠠᠨ ᠤ ᠵᠠᠭᠤᠴᠢᠯᠠᠭᠤᠷ ᠤᠨ ᠲᠠᠪᠴᠠᠩ ᠳᠡᠭᠡᠷ᠎ᠡ ᠳᠡᠯᠭᠡᠨ ᠨᠡᠪᠲᠡᠷᠡᠭᠦᠯᠵᠦ ᠪᠣᠯᠤᠨ᠎ᠠ᠃ | ᠭᠤᠤᠯᠯᠠᠨ ᠡᠷᠭᠢᠯᠡᠬᠦ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ | ᠣᠷᠣᠯᠴᠠᠭᠰᠠᠨ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠨᠣᠮ ᠤᠨ ᠰᠠᠩ᠂ ᠪᠥᠬᠦ | ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ |