ᠬᠠᠭᠤᠳᠠᠰᠤ ᠨᠡᠭᠡᠭᠡᠨ ᠬᠥᠬᠡ ᠠᠭᠤᠯᠠ ᠶᠢ ᠬᠠᠷᠠᠵᠦ᠂ ᠦᠰᠦᠭ ᠲᠤ ᠣᠳᠣᠨ ᠭᠤᠣᠯ ᠪᠠᠶᠢᠳᠠᠭ᠃ 4 ᠳ᠋ᠦ᠋ᠭᠡᠷ | ᠰᠠᠷ᠎ᠠ ᠶᠢᠨ 23 ᠤ ᠡᠳᠦᠷ᠂ 30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠤᠨ ᠲᠤᠬᠠᠶ ᠶᠢᠨ ᠡᠳᠦᠷ ᠲᠤ | ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠤᠮᠠᠷᠠᠲᠤ ᠬᠢᠯᠢ ᠶᠢᠨ ᠪᠢᠴᠢᠭ ᠤᠨ ᠰᠣᠷᠪᠣᠯᠵᠢᠲᠠᠨ ᠳᠠᠷᠬᠠᠨ | ᠮᠤᠤᠮᠢᠩᠭᠠᠨ ᠢ ᠦᠵᠡᠶ᠎ᠡ︾ — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠥᠬᠦ ᠠᠷᠠᠳ ᠤᠨ | ᠤᠩᠰᠢᠯᠭ᠎ᠠ ᠶᠢᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ 4 · 23 ᠤ ᠳᠡᠯᠡᠬᠡᠶ ᠶᠢᠨ ᠨᠣᠮ | ᠤᠩᠰᠢᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠣᠮ ᠤᠨ | ᠰᠠᠩ ᠳᠤ ᠶᠠᠪᠤᠭᠳᠠᠵᠤ᠂ ᠬᠥᠮᠦᠰ ᠨᠣᠮ ᠤᠨ ᠳᠠᠯᠠᠢ ᠶᠢᠨ ᠳᠤᠮᠳᠠ ᠬᠠᠮᠲᠤ ᠪᠠᠷ ᠨᠢᠭᠡ ᠤᠳᠠᠭᠠᠨ ᠤ ᠮᠡᠳᠡᠯᠭᠡ ᠪᠠ | ᠣᠶᠤᠨ ᠰᠠᠨᠠᠭᠠᠨ ᠤ ᠦᠪᠡᠳᠡᠭᠰᠢ ᠨᠠᠶᠢᠷ ᠲᠤ ᠬᠦᠷᠴᠡᠶ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠤᠭᠴᠢᠳ ᠤᠨ ᠲᠥᠯᠥᠭᠡᠯᠡᠭᠴᠢ ᠪᠦᠬᠦ ᠠᠷᠠᠳ ᠤᠨ | ᠤᠩᠰᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ ᠬᠠᠮᠲᠤ ᠶᠢᠨ ᠤᠷᠠᠨ ᠤᠩᠰᠢᠯᠭ᠎ᠠ ︽ | ᠭᠡᠷᠡᠯ ᠰᠠᠴᠤᠷᠠᠩᠭᠤᠶ ᠲᠡᠦᠬᠡᠨ ᠶᠠᠪᠤᠴᠠ︾᠂ ᠮᠣᠷᠢᠨ ᠬᠤᠭᠤᠷ ᠤᠨ ᠭᠤᠴᠣᠯᠠᠯ ᠬᠥᠭᠵᠢᠮ ︽ᠴᠠᠭᠠᠨ ᠮᠣᠷᠢ︾᠂ | ᠣᠯᠠᠨ ᠢ ᠳᠠᠭᠠᠭᠤᠯᠤᠨ ᠦᠰᠦᠭ ᠪᠢᠴᠢᠭ ᠤᠨ ᠭᠤᠸ᠎ᠠ ᠰᠠᠶᠢᠬᠠᠨ᠂ ᠬᠥᠭ ᠠᠶᠠᠰ ᠤᠨ ᠭᠤᠸ᠎ᠠ ᠰᠠᠶᠢᠬᠠᠨ ᠢ | ᠣᠶᠢᠯᠠᠭᠠᠭᠤᠯᠪᠠ᠃ ᠪᠢᠴᠢᠭ ᠤᠨ ᠳᠤᠮᠳᠠ ᠭᠡᠷᠡᠯ ᠡᠷᠢᠵᠦ᠂ ᠨᠣᠮ ᠤᠨ ᠳᠣᠲᠣᠷ᠎ᠠ ᠰᠡᠩᠬᠡᠷᠡᠭᠦᠯᠬᠦ᠃ ᠤᠩᠰᠢᠯᠭ᠎ᠠ ᠳᠤ | ᠳᠤᠷᠠᠲᠠᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠤᠯᠠᠮ ᠨᠢᠭᠡ ᠠᠯᠬᠤᠮ ᠥᠷᠭᠡᠳᠬᠡᠵᠦ᠂ | ᠤᠩᠰᠢᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠣᠮ ᠤᠨ ᠰᠠᠩ ᠨᠢ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠶᠢᠨ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ ᠲᠠᠪᠤᠨ ᠰᠤᠷᠭᠠᠭᠤᠯᠢ ᠳᠤ ᠨᠣᠮ ᠪᠢᠴᠢᠭ ᠵᠢᠭᠡᠯᠡᠨ | ᠤᠩᠰᠢᠬᠤ ᠺᠠᠷᠲ ᠲᠠᠷᠬᠠᠭᠠᠵᠤ᠂ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠤᠨ ᠲᠦᠭᠡᠮᠡᠯ ᠬᠠᠷᠠᠭᠠᠯᠵᠠᠯ ᠲᠠᠢ | ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠡᠭᠦᠨ ᠤ ᠬᠠᠮᠲᠤ ᠲᠤᠬᠠᠶ ᠶᠢᠨ | ᠲᠠᠯᠠᠪᠤᠷ ᠲᠤ ᠬᠤᠶᠠᠷ ᠨᠡᠷ᠎ᠡ ᠲᠥᠷᠥ ᠲᠠᠢ ᠨᠣᠮ ᠤᠩᠰᠢᠭᠴᠢ ᠶᠢ ᠤᠷᠢᠵᠤ᠂ ᠨᠣᠮ ᠤᠩᠰᠢᠭᠰᠠᠨ ᠲᠥᠷᠥᠭᠳᠡᠯ ᠢᠶᠠᠨ | ᠬᠤᠪᠢᠶᠠᠯᠴᠠᠭᠰᠠᠨ ᠪᠥᠭᠡᠳ ᠨᠣᠮ ᠪᠢᠴᠢᠭ ᠲᠠᠨᠢᠯᠴᠠᠭᠤᠯᠪᠠ᠃ ᠳᠠᠷᠠᠭ᠎ᠠ ᠨᠢ᠂ ᠠᠵᠢᠯᠯᠠᠭ᠎ᠠ ᠨᠢ ᠪᠥᠬᠦ ᠬᠤᠰᠢᠭᠤᠨ ᠤ | ︽ᠬᠠᠮᠤᠭ ᠤᠨ ᠭᠤᠶᠣ ᠳᠠᠭᠠᠭᠤᠯᠤᠨ ᠤᠩᠰᠢᠭᠴᠢ︾ ︽ᠬᠠᠮᠤᠭ ᠤᠨ ᠭᠤᠶᠣ ᠤᠩᠰᠢᠯᠭ᠎ᠠ ᠶᠢᠨ ᠬᠡᠷ ᠪᠦᠯᠢ︾᠂ ︽ | ᠤᠩᠰᠢᠯᠭ᠎ᠠ ᠶᠢᠨ ᠣᠳᠣᠨ︾ ᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠲᠡᠳᠡᠨ ᠳᠤ ᠨᠣᠮ ᠪᠢᠴᠢᠭ ᠬᠤᠳᠠᠯᠳᠤᠨ | ᠠᠪᠬᠤ ᠺᠠᠷᠲ ᠲᠠᠷᠬᠠᠭᠠᠵᠤ᠂ ᠨᠠᠩ ᠣᠯᠠᠨ ᠬᠥᠮᠦᠰ ᠤᠨ ᠨᠣᠮ ᠪᠢᠴᠢᠭ ᠤᠩᠰᠢᠬᠤ ᠳᠤ ᠣᠷᠣᠯᠴᠠᠵᠤ᠂ ᠨᠣᠮ ᠤᠨ | ᠦᠨᠦᠷ ᠬᠠᠩᠬᠤᠯᠬᠤ ᠶᠢ ᠵᠣᠷᠢᠭᠵᠢᠭᠤᠯᠪᠠ᠃ | ᠠᠵᠢᠯᠯᠠᠭ᠎ᠠ ᠶᠢᠨ ᠡᠴᠦᠰ ᠲᠤ᠂ ᠳᠠᠷᠬᠠᠨ ᠮᠤᠤᠮᠢᠩᠭᠠᠨ ᠨᠤᠲᠤᠭ ᠤᠰᠤᠨ ᠤ ᠰᠣᠶᠣᠯ ᠲᠡᠦᠬᠡ ᠶᠢᠨ ᠲᠤᠰᠬᠠᠢ | ᠮᠡᠷᠭᠡᠵᠢᠯᠲᠡᠨ ᠴᠢᠦᠢ ᠯᠢ ᠶᠤᠸᠠᠨ ᠪᠠᠭᠰᠢ ᠤᠯᠠᠨ ᠳᠤ ︽ᠳᠠᠷᠬᠠᠨ ᠮᠤᠤᠮᠢᠩᠭᠠᠨ ᠤ ᠲᠡᠦᠬᠡ ᠰᠣᠶᠣᠯ ᠤᠨ ᠲᠤᠬᠠᠢ | ᠶᠠᠷᠢᠭᠰᠠᠨ ᠨᠢ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢ ᠣᠯᠭᠤᠵᠤ᠂ ᠪᠦᠬᠦ ᠠᠷᠠᠳ ᠤᠨ ᠤᠩᠰᠢᠯᠭ᠎ᠠ ᠶᠢᠨ | ᠠᠵᠢᠯᠯᠠᠭ᠎ᠠ ᠳᠤ ᠨᠡᠩ ᠤᠯᠠᠨ ᠦᠵᠡᠯ ᠰᠠᠨᠠᠭᠠᠨ ᠤ ᠠᠭᠤᠯᠤᠭᠳᠠᠬᠤᠨ ᠨᠡᠮᠡᠷᠢᠯᠡᠪᠡ᠃ ᠪᠠᠲᠤᠬᠠᠭᠠᠯᠭ᠎ᠠ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ ᠸᠠᠩ ᠸᠧᠢ ᠬᠦᠳᠡᠯᠭᠡᠭᠡᠨ ᠳᠤ ᠣᠷᠣᠯᠴᠠᠭᠰᠠᠨ ᠤ ᠳᠠᠷᠠᠭ᠎ᠠ᠄ ︽ᠲᠤᠰ ᠤᠳᠠᠭᠠᠨ ᠤ | ᠬᠦᠳᠡᠯᠭᠡᠭᠡᠨ ᠨᠢ ᠨᠠᠳᠠ ᠳᠤ ᠥᠭᠭᠦᠭᠰᠡᠨ ᠬᠠᠮᠤᠭ ᠶᠡᠭᠡ ᠲᠥᠷᠥᠭᠳᠡᠯ ᠪᠣᠯ ᠳᠠᠷᠤᠢ ᠦᠰᠦᠭ ᠪᠢᠴᠢᠭ ᠤᠨ ᠳᠠᠭᠤᠨ | ᠴᠢᠬᠢ ᠳᠦᠯᠡᠶᠢᠷᠡᠮ᠎ᠡ ᠳᠣᠷᠭᠢᠬᠤ ᠪᠣᠯᠤᠨ᠎ᠠ᠃ ᠨᠣᠮ ᠪᠢᠴᠢᠭ ᠨᠢ ᠪᠢᠳᠡᠨ ᠤ ᠤᠶᠤᠨ ᠰᠠᠨᠠᠭᠠᠨ ᠤ ᠶᠢᠷᠲᠢᠨᠴᠦ ᠶᠢ ᠨᠡᠩ | ᠲᠡᠭᠦᠯᠳᠡᠷ ᠪᠣᠯᠭᠠᠵᠤ ᠪᠣᠯᠤᠨ᠎ᠠ᠂ ᠪᠢᠳᠡ ᠨᠣᠮ ᠪᠢᠴᠢᠭ ᠢᠶᠠᠷ ᠳᠡᠯᠡᠬᠡᠢ ᠶᠢᠷᠲᠢᠨᠴᠦ ᠶᠢ ᠦᠵᠡᠵᠦ᠂ ᠠᠯᠤᠰ ᠬᠤᠯᠠ ᠶᠢ | ᠬᠠᠷᠠᠵᠤ ᠪᠣᠯᠤᠨ᠎ᠠ᠃ ᠨᠣᠮ ᠤᠩᠰᠢᠬᠤ ᠪᠣᠯ ᠮᠠᠰᠢ ᠴᠢᠬᠤᠯᠠ ᠶᠠᠪᠤᠳᠠᠯ ᠭᠡᠵᠦ ᠪᠢ ᠪᠣᠳᠣᠵᠤ ᠪᠠᠶᠢᠨ᠎ᠠ᠂ ᠤᠯᠠᠨ ᠢᠶᠠᠷ | ᠢᠶᠠᠨ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠬᠤ ᠬᠡᠷᠡᠭᠲᠡᠢ︾ ᠭᠡᠵᠦ ᠬᠡᠯᠡᠪᠡ᠃ | ︽ᠳᠡᠯᠡᠬᠡᠢ ᠶᠢᠨ ᠨᠣᠮ ᠤᠩᠰᠢᠬᠤ ᠡᠳᠦᠷ ᠣᠯᠠᠨ ᠠᠷᠪᠢᠨ ᠤᠩᠰᠢᠭᠴᠢᠳ ᠲᠠᠢ ᠬᠠᠮᠲᠦ ᠪᠠᠷ ᠦᠰᠦᠭ | ᠪᠢᠴᠢᠭ ᠤᠨ ᠬᠦᠴᠦᠨ ᠢ ᠮᠡᠳᠡᠷᠡᠬᠦ ᠳᠤ ᠣᠨᠴᠠᠭᠠᠢ ᠪᠠᠶᠠᠷᠯᠠᠵᠤ ᠪᠠᠶᠢᠨ᠎ᠠ᠃ ᠤᠩᠰᠢᠯᠭ᠎ᠠ ᠨᠢ ᠨᠠᠳᠠ ᠳᠤ ᠠᠪᠴᠤ | ᠬᠡᠯᠡᠪᠡᠯ᠂ ᠮᠡᠳᠡᠯᠭᠡ ᠣᠯᠬᠤ ᠠᠷᠭ᠎ᠠ ᠵᠠᠮ ᠲᠡᠳᠦᠢ ᠪᠢᠰᠢ᠂ ᠨᠡᠩ ᠴᠦ ᠬᠤᠪᠢ ᠪᠡᠶ᠎ᠡ ᠪᠣᠯᠣᠨ᠂ ᠳᠡᠯᠡᠬᠡᠢ ᠲᠠᠢ | ᠶᠠᠷᠢᠯᠴᠠᠭᠰᠠᠨ ᠠᠶᠠᠨ ᠵᠠᠮ ᠪᠣᠯᠤᠨ᠎ᠠ᠃ ᠨᠣᠮ ᠪᠥᠷᠢ ᠴᠦᠮ ᠴᠣᠩᠬᠤ ᠮᠦᠨ᠂ ᠲᠦᠯᠬᠢᠨ ᠨᠡᠭᠡᠭᠡᠭᠳᠡᠪᠡᠯ᠂ ᠥᠷᠭᠡᠨ | ᠠᠭᠤᠳᠠᠮ ᠦᠵᠡᠮᠵᠢ ᠶᠢ ᠣᠯᠵᠤ ᠬᠠᠷᠠᠳᠠᠭ᠃ ᠢᠷᠡᠭᠡᠳᠦᠶ ᠪᠠᠨ ᠪᠠᠷᠠᠯᠠᠬᠤᠶ᠎ᠠ᠂ ᠪᠢᠳᠡ ︿ᠨᠣᠮ ᠤᠩᠰᠢᠬᠤ﹀ ᠪᠠᠷ | ᠪᠠᠷᠠᠬᠤ ᠥᠬᠡᠶ᠂ ᠨᠠᠩ ᠴᠤ ︿ᠠᠮᠢᠳᠤᠷᠠᠯ ᠢ ᠤᠩᠰᠢᠬᠤ﹀ ︿ᠬᠥᠮᠦᠨ ᠤ ᠶᠢᠷᠲᠢᠨᠴᠦ ᠶᠢ ᠤᠩᠰᠢᠬᠤ﹀ ᠬᠡᠷᠡᠭᠲᠡᠢ᠂ | ᠨᠣᠮ ᠤᠨ ᠦᠨᠦᠷ ᠢ ᠠᠮᠢ ᠨᠠᠰᠤᠨ ᠤ ᠬᠠᠮᠤᠭ ᠤᠨ ᠬᠠᠯᠠᠭᠤᠨ ᠳᠤᠯᠠᠭᠠᠨ ᠬᠡᠷᠡᠯ ᠪᠣᠯᠭᠠᠵᠤ ᠴᠢᠳᠠᠨ᠎ᠠ᠃ ᠡᠴᠦᠰ ᠲᠤ᠂ | ᠪᠢ ᠪᠣᠷᠾᠧᠰ ᠤᠨ ᠨᠢᠭᠡ ᠦᠭᠡ ᠶᠢ ᠣᠯᠠᠨ ᠲᠠᠢ ᠬᠤᠪᠢᠶᠠᠯᠴᠠᠶ᠎ᠠ᠄ ︿ᠬᠡᠷᠪᠡ ᠳ᠋ᠧᠪᠠᠵᠠᠨ ᠪᠠᠶᠢᠪᠠᠯ᠂ ᠲᠡᠷᠡ ᠨᠢ ᠯᠠᠪ | ᠨᠣᠮ ᠤᠨ ᠰᠠᠩ ᠤᠨ ᠦᠯᠢᠭᠡᠷ ᠵᠢᠱᠢᠶ᠎ᠡ ᠪᠣᠯᠣᠨ᠎ᠠ﹀︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠮᠢ ᠯᠢ ᠰᠢᠶᠠ ᠬᠡᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ | ᠳᠠᠷᠤᠭ᠎ᠠ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠳᠠᠷᠤᠭ᠎ᠠ ᠰᠢᠨ ᠱᠦ ᠢᠦᠶ᠄ ︽ᠪᠥᠬᠦ | ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢ ᠳᠠᠭᠠᠯᠳᠤᠨ᠂ ᠪᠦᠬᠦ ᠬᠤᠰᠢᠭᠤᠨ ᠤ ᠪᠥᠬᠦ | ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠬᠦᠰᠢᠭᠡ ᠶᠢ ᠰᠡᠬᠦᠪᠡ᠂ ᠳᠠᠷᠠᠭᠠᠴᠢ ᠶᠢᠨ ᠠᠯᠬᠤᠮ ᠳᠤ ᠪᠢᠳᠡ ᠪᠥᠬᠦ | ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ | ᠬᠠᠭᠤᠯᠤᠮᠠᠯ ᠰᠣᠨᠢᠨ ᠪᠠ ᠤᠷᠠᠨ ᠰᠠᠶᠢᠬᠠᠨ ᠤ ᠪᠢᠴᠢᠭ ᠴᠤᠭᠯᠠᠭᠤᠯᠵᠤ᠂ ︿ᠤᠮᠠᠷᠠᠲᠤ ᠬᠢᠯᠢ ᠶᠢᠨ ᠪᠢᠴᠢᠭ ᠤᠨ | ᠰᠣᠷᠪᠤᠯᠵᠢᠲᠠᠨ ᠳᠠᠷᠬᠠᠨ ᠮᠤᠤᠮᠢᠩᠭᠠᠨ ᠢ ᠦᠵᠡᠶ᠎ᠡ﹀ ᠮᠠᠯᠴᠢᠨ ᠲᠠᠷᠢᠶᠠᠴᠢᠨ ᠤ ᠤᠷᠠᠨ ᠪᠢᠴᠢᠯᠭᠡ ᠤᠷᠠᠨ ᠵᠢᠷᠤᠭ᠂ | ᠬᠡᠷᠡᠯ ᠵᠢᠷᠤᠭ᠂ ᠭᠠᠷ ᠤᠷᠠᠯᠠᠯ ᠤᠨ ᠪᠦᠲᠦᠭᠡᠯ ᠢ ᠡᠯᠰᠡᠵᠦ᠂ ᠳᠥᠷᠪᠡᠳᠦᠭᠡᠷ ᠬᠤᠭᠤᠴᠠᠭᠠᠨ ᠤ ︿ᠪᠢ ᠪᠣᠯ ᠠᠨᠠᠷ ᠤᠨ | ᠦᠷ᠎ᠡ · ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠨ᠎ᠡ﹀᠂ ᠪᠢᠴᠢᠭ ᠤᠨ | ᠰᠣᠷᠪᠤᠯᠵᠢᠲᠠᠨ ᠤᠮᠠᠷᠠᠲᠤ ᠬᠢᠯᠢ ᠶᠢᠨ ᠰᠣᠶᠣᠯ ᠵᠤᠭᠠᠴᠠᠯ ᠢ ᠠᠭᠤᠰᠤᠯᠴᠠᠭᠤᠯᠤᠨ ᠤᠩᠰᠢᠵᠤ ᠳᠡᠯᠭᠡᠷᠡᠭᠦᠯᠬᠦ ᠵᠢᠴᠢ ︿ | ᠤᠩᠰᠢᠯᠭ᠎ᠠ ᠶᠢᠨ ᠮᠠᠷᠠᠰᠤᠨ ᠤᠷᠤᠯᠳᠤᠭᠠᠨ﹀ ᠵᠡᠷᠭᠡ ᠭᠤᠶᠢᠳᠠ ᠰᠠᠶᠢᠬᠠᠨ ᠠᠵᠢᠯᠯᠠᠭ᠎ᠠ ᠥᠷᠨᠢᠭᠦᠯᠵᠦ᠂ ᠨᠣᠮ ᠤᠨ | ᠥᠨᠥᠷ ᠢ ᠲᠠᠯ᠎ᠠ ᠨᠤᠲᠤᠭ ᠲᠤ ᠰᠢᠩᠭᠡᠭᠡᠵᠦ᠂ ᠤᠩᠰᠢᠯᠭ᠎ᠠ ᠢᠶᠠᠷ ᠠᠮᠢᠳᠤᠷᠠᠯ ᠢ ᠭᠡᠷᠡᠯᠲᠦᠭᠦᠯᠪᠡ︾ ᠭᠡᠵᠡᠢ᠃ |