ᠲᠠᠯ᠎ᠠ ᠨᠤᠲᠤᠭ ᠤᠨ ᠵᠢᠷᠦᠬᠡᠨ ᠯᠤᠭᠰᠢᠯᠲᠠ ᠶᠢ ᠬᠠᠮᠠᠭᠠᠯᠠᠵᠤ᠂ ︽ᠬᠥᠳᠡᠭᠡ ᠲᠤᠰᠬᠤᠨ ᠤ ᠬᠡᠲᠦ ᠬᠤᠯᠪᠤᠭᠠᠲᠣ | ᠤᠷᠤᠯᠳᠤᠭᠠᠨ︾ ᠤ ᠥᠪᠡᠳᠡᠭᠰᠢ ᠶᠡᠭᠡ ᠮᠣᠷᠢᠨ ᠤᠷᠤᠯᠳᠤᠭᠠᠨ ᠳᠤ ᠲᠡᠮᠡᠤᠯᠡᠬᠦ᠂ 2025 ᠣᠨ ᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ ᠬᠤᠯᠪᠤᠭᠠᠲᠣ | ᠤᠷᠤᠯᠳᠤᠭᠠᠨ︾ ᠰᠠᠶᠢᠨ ᠳᠤᠷ᠎ᠠ ᠶᠢᠨ ᠠᠵᠢᠯᠯᠠᠭᠴᠢ ᠡᠯᠰᠡᠨ᠎ᠡ | ᠲᠠᠷᠬᠠᠨ ᠮᠤᠤᠮᠢᠩᠭᠠᠨ ᠤ ᠮᠣᠷᠢᠨ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ ᠬᠤᠯᠪᠤᠭᠠᠲᠣ | ᠤᠷᠤᠯᠳᠤᠭᠠᠨ︾ ᠪᠣᠯ ᠬᠤᠷᠳᠤᠴᠠ ᠪᠣᠯᠤᠨ ᠣᠷᠭᠢᠯᠤᠮ᠎ᠠ ᠰᠡᠳᠭᠢᠯᠭᠡ ᠶᠢᠨ ᠮᠥᠷᠭᠦᠯᠳᠦᠯ ᠮᠥᠨ᠂ ᠨᠡᠩ ᠴᠤ ᠬᠡᠳᠦᠨ | ᠲᠦᠮᠡᠨ ᠦᠵᠡᠭᠴᠢᠳ ᠤᠨ ᠪᠠᠶᠠᠷᠯᠠᠨ ᠬᠠᠰᠬᠢᠷᠬᠤ ᠲᠠᠯ᠎ᠠ ᠨᠤᠲᠤᠭ ᠤᠨ ᠪᠠᠶᠠᠷ ᠪᠠᠶᠠᠰᠬᠤᠯᠠᠩ︕ 2025 ᠤ | ᠤᠷᠤᠯᠳᠤᠭᠠᠨ ᠤ ᠤᠯᠠᠷᠢᠯ ᠤᠨ ᠴᠣ ᠰᠢᠨ᠎ᠡ ᠳᠡᠰ ᠳᠠᠪᠰᠢᠭᠰᠠᠨ ︽ᠬᠤᠪᠢ ᠬᠤᠷᠠᠮᠳᠤᠭᠤᠯᠬᠤ ᠬᠤᠯᠪᠣᠭᠠᠲᠤ | ᠤᠷᠤᠯᠳᠤᠭᠠᠨ + ᠣᠳᠣᠨ ᠮᠣᠷᠢᠨ ᠤ ᠲᠡᠮᠡᠴᠡᠭᠡᠨ ᠤ ᠤᠷᠤᠯᠳᠤᠭᠠᠨ︾ ᠨᠢ᠂ ᠰᠧᠺᠦ᠋ᠨ᠋ᠳ᠋ ᠪᠦᠷᠢ ᠰᠥᠷᠭᠡᠦ | ᠳᠠᠭᠠᠷᠢᠯᠲᠠ ᠪᠠ ᠰᠣᠶᠢᠯᠲᠠ ᠪᠠᠷ ᠳᠦᠭᠦᠷᠡᠩ ᠪᠠᠶᠢᠨ᠎ᠠ᠃ | ᠠᠳᠡ ᠮᠣᠷᠢᠨ ᠤᠷᠤᠯᠳᠤᠭᠠᠨ ᠤ ᠥᠷᠢᠰᠥᠯᠳᠦᠭᠡᠨ᠂ ᠵᠠᠩ ᠠᠭᠠᠯᠢ ᠪᠠᠷ ᠪᠢᠯᠬᠠᠮ᠎ᠠ ᠦᠨᠳᠦᠰᠦᠳᠡᠨ ᠤ | ᠲᠣᠭᠯᠠᠯᠲᠠ ᠲᠠᠢ᠂ ᠪᠠᠰᠠ ᠬᠦᠷ ᠬᠥᠭᠵᠢᠶᠡᠨ ᠲᠠᠢ ᠵᠠᠬ᠎ᠠ ᠳᠡᠯᠭᠡᠭᠦᠷ ᠬᠠᠷᠢᠯᠴᠠᠨ ᠬᠥᠳᠡᠯᠦᠯᠴᠡᠵᠦ᠂ ᠬᠡᠳᠦᠨ ᠲᠦᠮᠡᠨ | ᠬᠥᠮᠦᠨ ᠤ ᠤᠷᠠᠶᠢᠯᠠᠨ ᠬᠠᠰᠬᠢᠷᠬᠤ ᠳᠠᠭᠤᠨ ᠲᠠᠯ᠎ᠠ ᠨᠤᠲᠤᠭ ᠲᠤ ᠴᠤᠤᠷᠢᠶᠠᠲᠤᠨ᠎ᠠ᠃ ᠣᠳᠣ 2025 ᠣᠨ ᠳᠤ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ | ᠬᠤᠯᠪᠤᠭᠠᠲᠣ ᠤᠷᠤᠯᠳᠤᠭᠠᠨ︾ ᠤ ᠰᠠᠶᠢᠨ ᠳᠤᠷ᠎ᠠ ᠶᠢᠨ ᠠᠵᠢᠯᠯᠠᠭᠴᠢ ᠡᠯᠰᠡᠬᠦ ᠠᠵᠢᠯ ᠬᠠᠯᠠᠭᠤᠨ ᠢᠶᠠᠷ ᠡᠬᠢᠯᠡᠪᠡ᠂ | ᠲᠠᠨ ᠢ ᠬᠦᠯᠢᠶᠡᠵᠦ ᠪᠠᠶᠢᠨ᠎ᠠ︕ | ᠠᠳᠡ ᠲᠠ ᠡᠮᠬᠢ ᠵᠢᠷᠤᠮ ᠢ ᠰᠠᠬᠢᠭᠴᠢ᠂ ᠬᠠᠯᠠᠭᠤᠨ ᠰᠡᠳᠬᠢᠯᠭᠡ ᠶᠢᠨ ᠳᠠᠮᠵᠢᠭᠤᠯᠤᠭᠴᠢ᠂ ᠰᠣᠶᠣᠯ ᠤᠨ | ᠭᠡᠷᠡᠴᠢᠯᠡᠭᠴᠢ ᠪᠣᠯᠵᠤ᠂ ᠦᠢᠯᠡ ᠠᠵᠢᠯᠯᠠᠭ᠎ᠠ ᠪᠠᠷ ᠢᠶᠠᠨ ᠲᠠᠯ᠎ᠠ ᠨᠤᠲᠤᠭ ᠤᠨ ᠣᠮᠤᠭ ᠵᠣᠷᠢᠭ ᠪᠠ ᠡᠭᠦᠷᠭᠡᠯᠡᠯ ᠢ | ᠲᠠᠶᠢᠯᠤᠨ᠎ᠠ︕ | PART.01 ᠤᠷᠤᠯᠳᠤᠭᠠᠨ ᠤ ᠨᠠᠷᠢᠨ ᠪᠠᠶᠢᠳᠠᠯ ᠢ ᠡᠷᠲᠡ ᠮᠡᠳᠡᠬᠦ | 01ᠤᠷᠤᠯᠳᠤᠭᠠᠨ ᠤ ᠨᠠᠷᠢᠨ ᠪᠠᠶᠢᠳᠠᠯ | 2025 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠬᠥᠳᠡᠭᠡ | ᠲᠤᠰᠬᠤᠨ ᠤ ᠬᠡᠲᠦ ᠬᠤᠯᠪᠤᠭᠠᠲᠣ ᠤᠷᠤᠯᠳᠤᠭᠠᠨ︾ | 02 ᠤᠷᠤᠯᠳᠤᠭᠠᠨ ᠤ ᠴᠠᠭ | 2025 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 3 ᠤ ᠡᠳᠦᠷ ︵ᠰᠠᠶᠢᠨ | ᠳᠤᠷ᠎ᠠ ᠶᠢᠨ ᠠᠵᠢᠯᠯᠠᠭᠴᠢᠳ ᠥᠪᠡᠷ ᠤᠨ ᠴᠠᠭ ᠢᠶᠠᠨ ᠦᠨᠳᠦᠰᠦᠯᠡᠨ᠂ ᠳᠤᠷ᠎ᠠ ᠪᠠᠷ ᠨᠢᠭᠡ ᠡᠳᠦᠷ ᠰᠣᠩᠭᠤᠬᠤ ᠪᠤᠶᠤ | ᠣᠯᠠᠨ ᠡᠳᠦᠷ ᠣᠷᠣᠯᠴᠠᠵᠤ ᠪᠣᠯᠣᠨ᠎ᠠ︶ | 03 ᠤᠷᠤᠯᠳᠤᠭᠠᠨ ᠤ ᠭᠠᠵᠠᠷ ᠣᠷᠣᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ | ᠦᠢᠯᠡᠰ ᠤᠨ ᠬᠦᠷᠢᠶᠡᠯᠡᠩ ︵ᠪᠣᠳᠠᠲᠠᠶ ᠡᠳᠦᠷ ᠬᠤᠭᠤᠴᠠᠭᠠᠨ ᠤ ᠬᠠᠶ᠋ᠢᠭ ᠢ ᠤᠷᠤᠯᠳᠤᠭᠠᠨ ᠤ ᠶᠠᠪᠤᠴᠠ ᠶᠢᠨ | ᠬᠦᠰᠦᠨᠦᠭᠲᠦ ᠪᠠᠷ ᠪᠠᠷᠢᠮᠵᠢᠶ᠎ᠠ ᠪᠣᠯᠭᠠᠨ᠎ᠠ︶ | PART.02 ᠰᠠᠢᠨ ᠳᠤᠷ᠎ᠠ ᠶᠢᠨ ᠠᠵᠢᠯᠲᠠᠨ ᠡᠯᠰᠡᠬᠦ ᠨᠥᠬᠦᠴᠡᠯ | ᠨᠠᠰᠤᠨ ᠤ ᠱᠠᠭᠠᠷᠳᠠᠯᠭ᠎ᠠ᠄ ᠪᠦᠬᠦᠯᠢ 16 ᠨᠠᠰᠤ — 65 ᠨᠠᠰᠤ ᠬᠦᠷᠦᠭᠰᠡᠳ᠂ ᠴᠢ ᠴᠤᠭ ᠪᠠᠳᠠᠷᠠᠩᠭᠤᠢ | ᠵᠠᠯᠠᠭᠤᠴᠤᠳ ᠪᠠᠭᠠᠴᠤᠳ ᠭᠡᠰᠡᠨ ᠦᠭᠡᠢ᠂ ᠬᠠᠰᠢ ᠯᠠ ᠪᠠᠶᠠᠯᠢᠭ ᠲᠣᠷᠰᠢᠯᠭ᠎ᠠ ᠲᠠᠢ ᠬᠥᠮᠦᠨ᠂ ᠬᠡᠷᠪᠡ ᠴᠢ ᠨᠢᠭᠡᠨ | ᠬᠠᠯᠠᠭᠤᠨ ᠰᠡᠳᠭᠢᠯ ᠲᠠᠢ ᠯᠡ ᠶᠤᠮ ᠪᠣᠯ ᠪᠢᠳᠡᠨ ᠳᠤ ᠣᠷᠣᠬᠤ ᠲᠣᠬᠢᠶᠠᠯ ᠪᠠᠶᠢᠨ᠎ᠠ᠃ | ᠳᠦᠷᠢ ᠲᠥᠷᠬᠦ ᠶᠢᠨ ᠵᠠᠩ ᠴᠢᠨᠠᠷ᠄ ᠳᠦᠷᠢ ᠲᠥᠷᠬᠦ ᠨᠢ ᠲᠥᠪ ᠴᠢᠩᠭ᠎ᠠ᠂ ᠦᠢᠯᠡ ᠠᠵᠢᠯᠯᠠᠭ᠎ᠠ ᠨᠢ ᠪᠡᠶ᠎ᠡ | ᠪᠢᠯᠳᠠᠷ ᠲᠠᠢ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠤᠷᠢᠭᠴᠢ | ᠶᠢᠨ ᠬᠠᠯᠠᠭᠤᠨ ᠰᠡᠳᠬᠢᠯᠭᠡ ᠲᠠᠢ ᠨᠥᠬᠦᠷᠯᠡᠯ ᠢ ᠢᠯᠡᠷᠡᠭᠦᠯᠵᠦ ᠴᠢᠳᠠᠨ᠎ᠠ᠃ ᠤᠴᠢᠷ ᠨᠢ ᠲᠠ ᠡᠨᠡ ᠤᠳᠠᠭᠠᠨ ᠤ | ᠥᠪᠡᠳᠡᠭᠰᠢ ᠴᠤᠭᠯᠠᠭᠠᠨ ᠢ ᠤᠶᠢᠯᠠᠭᠠᠬᠤ ᠴᠣᠩᠬᠤ ᠪᠣᠯᠣᠨ᠎ᠠ᠃ | ᠪᠤᠰᠤᠳ ᠨᠥᠬᠦᠴᠡᠯ᠄ ᠪᠡᠶ᠎ᠡ ᠮᠠᠬᠠᠪᠣᠳ ᠡᠷᠡᠭᠦᠯ ᠴᠢᠭᠢᠷᠠᠭ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ | ᠰᠠᠶᠢᠨ ᠨᠡᠪᠲᠡᠷᠡᠯᠴᠡᠬᠦ ᠴᠢᠳᠠᠪᠤᠷᠢ ᠪᠠ ᠠᠷᠭᠠᠴᠠᠬᠤ ᠴᠢᠳᠠᠪᠤᠷᠢ ᠲᠠᠢ ᠪᠠᠶᠢᠳᠠᠭ᠃ ᠡᠭᠦᠨ ᠤ ᠬᠠᠮᠲᠤ᠂ ᠪᠦᠯᠬᠦᠮ ᠤᠨ | ᠲᠣᠬᠢᠷᠠᠭᠤᠯᠤᠯᠲᠠ ᠶᠢ ᠳᠠᠭᠠᠵᠤ᠂ ᠬᠡᠷ ᠤᠨ ᠭᠠᠳᠠᠨᠠᠬᠢ ᠠᠵᠢᠯ ᠤᠨ ᠣᠷᠴᠢᠨ ᠲᠣᠭᠤᠷᠢᠨ ᠳᠤ ᠵᠣᠬᠢᠴᠠᠵᠤ ᠴᠢᠳᠠᠬᠤ | ᠬᠡᠷᠡᠭᠲᠡᠶ᠃ ᠤᠴᠢᠷ ᠨᠢ᠂ ᠮᠠᠨ ᠤ ︽ᠳᠠᠶᠢᠨ ᠤ ᠲᠠᠯᠠᠪᠤᠷ︾ ᠠᠭᠤᠳᠠᠮ ᠲᠠᠯ᠎ᠠ ᠨᠤᠲᠤᠭ ᠲᠤ ᠪᠣᠢ᠃ | S ᠬᠤᠪᠢ ᠨᠡᠮᠡᠬᠦ ᠵᠦᠢᠯ N᠄ ᠲᠣᠮᠣ ᠬᠡᠯᠪᠡᠷᠢ ᠶᠢᠨ ᠬᠥᠳᠡᠯᠭᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠲᠣᠷᠰᠢᠯᠭ᠎ᠠ ᠪᠠᠶᠢᠪᠠᠯ ᠤᠷᠢᠳᠠᠪᠡᠷ ᠪᠣᠳᠤᠯᠬᠢᠯᠠᠨ᠎ᠠ᠃ ᠬᠡᠷᠪᠡ ᠴᠢ ᠬᠠᠮᠢᠶ᠎ᠠ ᠪᠦᠬᠦᠢ ᠲᠤᠷᠰᠢᠯᠭ᠎ᠠ ᠲᠠᠢ ᠪᠣᠯ᠂ ᠦᠨᠡᠬᠡᠷ | ᠲᠣᠩ ᠰᠠᠶᠢᠨ ᠰᠢᠤ᠂ ᠪᠢᠳᠡ ᠴᠢᠨᠦ ᠣᠷᠣᠬᠤ ᠶᠢ ᠬᠦᠰᠡᠵᠦ ᠪᠠᠶᠢᠨ᠎ᠠ︕ | PART.03 ᠰᠠᠶᠢᠨ ᠳᠤᠷᠠᠴᠤᠳ ᠤᠨ ᠠᠰᠠᠷᠠᠮᠵᠢ ᠬᠦᠮᠦᠰ ᠤᠨ ᠰᠣᠨᠢᠷᠬᠠᠯ ᠢ ᠲᠠᠲᠠᠬᠤ | ᠲᠤᠬᠠᠢ ᠶᠢᠨ ᠲᠠᠯᠠᠪᠠᠢ ᠶᠢᠨ ᠦᠩᠭᠡᠷᠡᠯᠲᠡ ᠳᠥᠭᠦᠷᠡᠩ᠄ ᠤᠢᠢᠷ᠎ᠠ ᠵᠠᠢ ᠪᠠᠷ ᠤᠷᠤᠯᠳᠤᠭᠠᠨ ᠤ ᠣᠷᠭᠢᠯᠤᠮ᠎ᠠ | ᠰᠡᠳᠬᠢᠯᠭᠡ ᠶᠢ ᠮᠡᠳᠡᠷᠡᠵᠦ᠂ ᠰᠦᠢᠳᠬᠡᠯ ᠬᠤᠷᠢᠶᠠᠬᠤ ᠦᠭᠡᠢ ᠪᠠᠷ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠪᠠ ; | ᠵᠣᠷᠢᠭ ᠨᠢᠭᠡᠲᠡᠢ ᠬᠠᠨᠢᠲᠠᠨ ᠲᠠᠢ ᠶᠠᠪᠣᠯᠴᠠᠨ᠂ ᠭᠠᠷ ᠬᠤᠯᠪᠣᠨ ᠳᠠᠷᠬᠠᠨ ᠮᠤᠤᠮᠢᠩᠭᠠᠨ ᠤ ᠰᠣᠶᠣᠯ ᠵᠢᠭᠤᠯᠴᠢᠯᠠᠯ ᠤᠨ | ᠨᠡᠷ᠎ᠡ ᠶᠢᠨ ᠬᠠᠭᠤᠳᠠᠰᠤ ᠶᠢ ᠭᠡᠷᠡᠯᠳᠦᠬᠦᠯᠪᠡ᠃ | ᠳᠤᠷᠠᠰᠬᠠᠯ ᠠᠴᠠ ᠳᠠᠪᠠᠭᠰᠠᠨ ᠶᠡᠭᠡ ᠪᠡᠯᠡᠭ᠄ ᠮᠣᠷᠢᠨ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ | ᠬᠤᠯᠪᠤᠭᠠᠲᠣ ᠤᠷᠤᠯᠳᠤᠭᠠᠨ︾ ᠪᠠᠷ ᠪᠢᠷᠵᠢᠩᠬᠡ ᠪᠣᠭᠴᠣ᠂ ᠠᠯᠴᠢᠭᠤᠷ᠂ ᠴᠡᠯᠮᠡᠭ ᠪᠣᠷᠣᠭᠠᠨ ᠳᠤ ᠬᠤᠣᠰ ᠬᠡᠷᠡᠭᠯᠡᠬᠦ | ᠰᠢᠭᠦᠷ᠂ ᠤᠰᠤᠨ ᠴᠣᠮᠣ ᠶᠢ ᠳᠤᠷ᠎ᠠ ᠪᠠᠷ ᠰᠤᠩᠭᠤᠨ᠎ᠠ᠃ | ᠬᠢᠵᠠᠭᠠᠷᠯᠠᠭᠰᠠᠨ ᠬᠡᠪᠯᠡᠯ ᠤᠨ ᠳᠤᠷᠠᠰᠬᠠᠯ ᠤᠨ ᠲᠡᠮᠳᠡᠭ᠄ ᠨᠢᠭᠡ ᠲᠠᠯᠠᠪᠤᠷ ᠠᠵᠢᠯᠯᠠᠭ᠎ᠠ ᠳᠤ ᠣᠷᠣᠯᠴᠠᠬᠤ ᠪᠦᠷᠢ | ᠳᠠᠷᠤᠶ ᠨᠢᠭᠡ ᠤᠷᠤᠯᠳᠤᠭᠠᠨ ᠤ ᠲᠤᠰᠬᠠᠶ ᠬᠠᠷᠢᠶᠠᠯᠠᠯ ᠤᠨ ᠲᠡᠮᠳᠡᠭ ᠣᠯᠵᠤ ᠪᠣᠯᠤᠨ᠎ᠠ᠂ 5 ᠴᠤᠭᠯᠠᠭᠤᠯᠪᠠᠯ ᠳᠠᠷᠣᠢ | ᠰᠠᠶᠢᠨ ᠳᠤᠷ᠎ᠠ ᠶᠢᠨ ᠦᠢᠯᠡᠴᠢᠯᠡᠭᠡᠨ ᠤ ᠦᠨᠡᠮᠯᠡᠯ ᠵᠢᠴᠢ ᠨᠢᠭᠤᠴᠠ ᠳᠠᠯᠳᠠ ᠱᠠᠩᠨᠠᠯ ᠢ ᠰᠣᠯᠢᠵᠤ ᠪᠣᠯᠣᠨ᠎ᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠷᠡᠴᠢᠯᠡᠭᠡ᠄ ᠤᠶᠤᠲᠠᠳ ᠲᠤ ᠲᠠᠮᠠᠭ᠎ᠠ ᠳᠠᠷᠤᠵᠤ ᠭᠡᠷᠡᠴᠢᠯᠡᠬᠦ | ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠴᠠᠭ ᠢ ᠭᠡᠷᠡᠴᠢᠯᠡᠨ᠎ᠡ᠂ ᠰᠢᠯᠢᠳᠡᠭ ᠢ ᠰᠢᠯᠭᠠᠷᠠᠭᠤᠯᠬᠤ ᠶᠢ | ᠳᠡᠮᠵᠢᠵᠦ᠂ ᠨᠡᠶᠢᠭᠡᠮ ᠤᠨ ᠦᠢᠯᠡᠳᠦᠯᠭᠡ ᠶᠢᠨ ᠭᠦᠢᠴᠡᠳᠭᠡᠯ ᠳᠤ ᠬᠦᠴᠦᠨ ᠨᠡᠮᠡᠷᠢᠯᠡᠨ᠎ᠡ︕ | ᠰᠠᠶᠢᠨ ᠳᠤᠷ᠎ᠠ ᠠᠴᠠ ᠪᠠᠨ ᠣᠷᠣᠯᠴᠠᠭᠴᠢ ᠪᠦᠷ ᠶᠠᠭᠤ ᠬᠢᠬᠦ ᠪᠣᠢ︖ 1. ᠦᠵᠡᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠲᠠᠯᠠᠪᠠᠢ ᠳᠤ ᠣᠷᠣᠭᠤᠯᠬᠤ᠂ ᠲᠠᠯᠠᠪᠤᠷ ᠠᠴᠠ ᠭᠠᠷᠭᠠᠬᠤ᠂ | ᠲᠣᠭᠤᠷᠢᠨ ᠦᠵᠡᠬᠦ ᠤᠷᠤᠯᠳᠤᠭᠠᠨ ᠤ ᠣᠷᠣᠨ ᠤ ᠡᠮᠬᠢ ᠵᠢᠷᠤᠮ ᠢ ᠬᠠᠮᠠᠭᠠᠯᠠᠭᠤᠯᠤᠨ᠎ᠠ ; 2. ᠣᠷᠣᠯᠴᠠᠭᠰᠠᠳ ᠤᠨ | ᠠᠰᠠᠭᠤᠨ ᠯᠠᠪᠯᠠᠬᠤ ᠳᠤ ᠬᠠᠷᠢᠭᠤᠯᠲᠠ ᠥᠭᠴᠦ᠂ ᠭᠡᠨᠡᠳᠲᠡ ᠶᠢᠨ ᠪᠠᠶᠢᠳᠠᠯ ᠢ ᠬᠠᠪᠰᠤᠷᠤᠨ ᠰᠢᠢᠳᠪᠦᠷᠢᠯᠡᠨ᠎ᠡ ; 3. | ᠠᠮᠤᠷ ᠢ ᠬᠠᠮᠠᠭᠠᠯᠠᠬᠤ ᠪᠦᠯᠬᠦᠮ ᠲᠠᠢ ᠬᠠᠮᠵᠢᠯᠴᠠᠨ ᠬᠥᠮᠦᠨ ᠤ ᠤᠷᠤᠰᠬᠠᠯ ᠢ ᠬᠥᠲᠥᠯᠥᠨ ᠵᠢᠯᠣᠭᠤᠳᠴᠤ᠂ | ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ ; 4. ᠡᠳ᠋ ᠪᠣᠳᠠᠰ ᠲᠠᠷᠬᠠᠭᠠᠬᠤ᠂ ᠲᠠᠯᠠᠪᠤᠷ ᠭᠠᠵᠠᠷ | ᠪᠠᠶᠢᠷᠢᠯᠠᠭᠤᠯᠬᠤ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠮᠵᠢᠨ ᠪᠡᠶᠡᠯᠡᠭᠦᠯᠦᠨ᠎ᠡ᠃ | ᠨᠡᠷ᠎ᠡ ᠮᠡᠳᠡᠭᠦᠯᠬᠦ ᠳᠤ ᠠᠩᠬᠠᠷᠤᠬᠤ ᠵᠦᠢᠯ | ᠬᠤᠭᠤᠴᠠᠭ᠎ᠠ ᠶᠣᠰᠣᠭᠠᠷ ᠠᠵᠢᠯ ᠤᠨ ᠪᠠᠶᠢᠷᠢ ᠳᠤ ᠪᠠᠨ ᠬᠦᠷᠬᠦ᠄ ᠴᠠᠭ ᠬᠤᠭᠤᠴᠠᠭ᠎ᠠ ᠶᠣᠰᠣᠭᠠᠷ ᠠᠵᠢᠯ ᠤᠨ | ᠪᠠᠶᠢᠷᠢ ᠳᠤ ᠪᠠᠨ ᠬᠦᠷᠬᠦ ᠶᠢᠨ ᠬᠠᠮᠲᠤ ᠪᠦᠬᠦ ᠶᠠᠪᠤᠴᠠ ᠳᠤ ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ᠂ | ᠬᠤᠵᠢᠮᠳᠠᠬᠤ ᠦᠭᠡᠢ᠂ ᠡᠷᠲᠡ ᠶᠠᠪᠣᠬᠤ ᠦᠭᠡᠢ᠃ ᠲᠠᠨ ᠤ ᠪᠠᠷᠢᠮᠲᠠᠯᠠᠯ ᠪᠣᠯ ᠠᠵᠢᠯᠯᠠᠭ᠎ᠠ ᠶᠢᠨ ᠤᠷᠤᠭᠰᠢᠲᠠᠢ | ᠶᠠᠪᠤᠭᠳᠠᠬᠤ ᠶᠢᠨ ᠵᠠᠩᠭᠢᠯᠠᠭ᠎ᠠ ᠪᠣᠯᠣᠨ᠎ᠠ᠃ | ᠠᠵᠢᠯᠯᠠᠬᠤ ᠴᠠᠭ ᠲᠤ ᠠᠵᠢᠯ ᠤᠨ ᠪᠠᠶᠢᠷᠢ ᠪᠠᠨ ᠪᠠᠲᠤ ᠰᠠᠬᠢᠬᠤ᠄ ᠠᠵᠢᠯ ᠤᠨ ᠪᠠᠶᠢᠷᠢ ᠠᠴᠠ ᠪᠠᠨ ᠳᠤᠲᠠᠵᠤ᠂ | ᠰᠠᠯᠵᠤ ᠪᠣᠯᠬᠤ ᠦᠭᠡᠢ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ ᠰᠠᠶ᠋ᠢ ᠠᠵᠢᠯᠯᠠᠭ᠎ᠠ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ ᠴᠢᠳᠠᠨ᠎ᠠ᠃ | ᠲᠣᠬᠢᠷᠠᠭᠤᠯᠤᠯᠲᠠ ᠶᠢ ᠳᠠᠭᠠᠬᠤ᠄ ᠰᠠᠶᠢᠨ ᠳᠤᠷ᠎ᠠ ᠠᠴᠠ ᠪᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ | ᠳᠤ ᠣᠷᠣᠯᠴᠠᠬᠤ᠂ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠵᠢᠴᠢ ᠠᠵᠢᠯ ᠤᠨ ᠲᠣᠬᠢᠷᠠᠭᠤᠯᠤᠯᠲᠠ ᠶᠢ ᠳᠠᠭᠠᠬᠤ᠂ | ᠪᠢᠳᠡ ᠪᠣᠯ ᠪᠦᠯᠬᠦᠮᠳᠡᠭᠰᠡᠨ ᠲᠣᠮᠣ ᠬᠡᠷ ᠪᠦᠯᠢ ᠪᠣᠯᠤᠨ᠎ᠠ᠃ | ᠨᠡᠷ᠎ᠡ ᠮᠡᠳᠡᠭᠦᠯᠬᠦ ᠬᠡᠯᠪᠡᠷᠢ ᠨᠢ ᠬᠡᠲᠦ ᠳᠥᠬᠦᠮ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠄ ᠮᠣᠷᠢ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ | ᠬᠤᠯᠪᠤᠭᠠᠲᠣ ᠤᠷᠤᠯᠳᠤᠭᠠᠨ︾ ᠤ ᠰᠠᠶᠢᠨ ᠳᠤᠷᠠᠴᠤᠳ ᠤᠨ ᠬᠥᠮᠥᠷᠭᠡ ᠶᠢᠨ ᠪᠦᠷᠢᠳᠭᠡᠯ ᠤᠨ ᠬᠦᠰᠦᠨᠦᠭᠲᠦ ᠶᠢ ᠺᠣᠳ᠋ | ᠰᠢᠷᠪᠢᠨ ᠲᠠᠭᠯᠠᠬᠤ ᠪᠦᠭᠡᠳ ᠺᠣᠳ᠋ ᠰᠢᠷᠪᠢᠨ ᠴᠤᠭᠯᠠᠷᠠᠯ ᠳᠤ ᠣᠷᠣᠨ᠎ᠠ᠃ | ᠤᠲᠠᠰᠤᠲᠤ ᠯᠠᠪᠯᠠᠯᠭ᠎ᠠ᠄ ᠵᠧᠩ ᠸᠧᠶ 15947025521 | ᠡᠯᠰᠡᠬᠦ ᠶᠢ ᠬᠢᠵᠠᠭᠠᠷᠯᠠᠬᠤ ᠴᠠᠭ᠄ 2025 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ | ᠳᠣᠲᠣᠨᠣ ᠰᠠᠨᠠᠭᠤᠯᠤᠮᠵᠢ᠄ ᠰᠣᠩᠭᠤᠭᠳᠠᠭᠰᠠᠨ ᠰᠠᠶᠢᠨ ᠳᠤᠷ᠎ᠠ ᠶᠢᠨ ᠣᠷᠣᠯᠴᠠᠭᠴᠢ ᠮᠣᠷᠢᠨ ᠤᠷᠤᠯᠳᠤᠭᠠᠨ ᠤ | ︽ᠬᠥᠳᠡᠭᠡ ᠲᠤᠰᠬᠤᠨ ᠤ ᠬᠡᠲᠦ ᠬᠤᠯᠪᠤᠭᠠᠲᠣ ᠤᠷᠤᠯᠳᠤᠭᠠᠨ︾᠂ ᠨᠠᠭᠠᠳᠤᠮ ᠵᠡᠷᠭᠡ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠲᠣᠮᠣ ᠬᠡᠯᠪᠡᠷᠢ ᠶᠢᠨ ᠠᠵᠢᠯᠯᠠᠭ᠎ᠠ ᠳᠤ ᠤᠷᠲᠤ ᠬᠤᠭᠤᠴᠠᠭ᠎ᠠ ᠪᠠᠷ ᠣᠷᠣᠯᠴᠠᠵᠤ ᠪᠣᠯᠣᠨ᠎ᠠ | ᠂ ᠨᠢᠭᠡ ᠤᠳᠠᠭ᠎ᠠ ᠣᠷᠣᠯᠴᠠᠪᠠᠯ᠂ ᠤᠷᠲᠤ ᠬᠤᠭᠤᠴᠠᠭᠠᠨ ᠤ ᠰᠠᠶᠢᠨ ᠳᠤᠷ᠎ᠠ ᠶᠢᠨ ᠠᠶᠠᠯᠠᠯ ᠢ ᠡᠬᠢᠯᠡᠭᠦᠯᠵᠦ ᠮᠡᠳᠡᠨ᠎ᠡ︕ | | ᠲᠠᠨ ᠤ ᠭᠠᠷᠭᠠᠭᠰᠠᠨ ᠤ ᠠᠴᠢ ᠲᠤᠰᠠ ᠪᠦᠬᠦᠨ᠂ ᠮᠣᠷᠢᠨ ᠤᠷᠤᠯᠳᠤᠭᠠᠨ ᠤ ︽ᠬᠥᠳᠡᠭᠡ ᠲᠤᠰᠬᠤᠨ ᠤ ᠬᠡᠲᠦ | ᠬᠤᠯᠪᠤᠭᠠᠲᠣ ᠤᠷᠤᠯᠳᠤᠭᠠᠨ︾ ᠤ ᠳᠠᠪᠬᠢᠬᠤ ᠬᠦᠴᠦᠨ ᠪᠣᠯᠣᠨ᠎ᠠ᠃ ᠪᠢᠳᠡᠨ ᠳᠤ ᠣᠷᠤᠯᠴᠠᠵᠤ᠂ ᠰᠠᠶᠢᠨ ᠳᠤᠷ᠎ᠠ ᠶᠢᠨ | ᠭᠡᠷᠡᠯ ᠢᠶᠠᠷ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠢ ᠭᠡᠷᠡᠯᠲᠦᠭᠦᠯᠵᠦ᠂ ᠬᠠᠯᠠᠭᠤᠨ ᠴᠢᠰᠤ ᠪᠠ ᠬᠠᠯᠠᠭᠤᠨ | ᠰᠡᠳᠬᠢᠯᠭᠡ ᠶᠢ ᠠᠳᠡ ᠴᠤᠤᠷᠢᠶᠠᠲᠤᠭᠤᠯᠪᠠ︕ ᠬᠤᠷᠳᠤᠨ ᠢᠷᠡᠵᠦ ᠨᠡᠷ᠎ᠡ ᠮᠡᠳᠡᠭᠦᠯᠦᠶ᠎ᠡ᠂ ᠬᠠᠮᠲᠤ ᠪᠠᠷ ᠡᠨᠡ ᠲᠠᠯᠠᠪᠤᠷ | ᠲᠠᠯ᠎ᠠ ᠨᠤᠲᠤᠭ ᠤᠨ ᠥᠪᠡᠳᠡᠭᠰᠢ ᠪᠠᠶᠢᠳᠠᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ | 2025 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ | |