ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠠᠷᠬᠠᠨ ᠰᠤᠮᠤᠨ ᠳᠤ ᠭᠦᠨᠵᠡᠭᠡᠶᠢᠷᠡᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠦᠳᠦᠭᠡᠨ ᠪᠠᠶᠢᠭᠤᠯᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2025/4/26
      ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠳᠤᠳᠬᠠᠵᠤ᠂ ᠶᠡᠷᠦᠩᠬᠡᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠢᠭᠤᠯᠤᠯᠲᠠ ᠬᠢᠭᠡᠳ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠭᠦᠨᠵᠡᠭᠡᠢ ᠠᠬᠢᠭᠤᠯᠬᠤ ᠶᠢᠨ ᠲᠤᠰᠠᠳᠠ᠂ 4 ᠰᠠᠷ᠎ᠠ ᠶᠢᠨ 24 ᠤ ᠡᠳᠦᠷ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠦᠨᠳᠦᠰᠦᠨ ᠱᠠᠲᠤᠨ ᠤ ᠨᠡᠶᠢᠭᠡᠮ ᠤᠨ  ᠵᠠᠰᠠᠯᠳᠠ ᠶᠢᠨ ᠰᠠᠯᠠᠭᠠᠨ ᠤ ᠳᠠᠷᠤᠭ᠎ᠠ ᠸᠠᠩ ᠪᠦᠸᠧ ᠭᠧ᠂ ᠬᠤᠲᠠ ᠶᠢᠨ ᠶᠡᠷᠦᠩᠬᠡᠢᠯᠡᠨ ᠵᠠᠰᠠᠬᠤ ᠲᠥᠪ ᠤᠨ ᠳᠡᠳ᠋ ᠡᠷᠬᠢᠯᠡᠭᠴᠢ ᠵᠠᠩ ᠸᠧᠨ ᠢᠦᠢ ᠨᠠᠷ ᠳᠠᠷᠬᠠᠨ ᠰᠤᠮᠤᠨ ᠳᠤ ᠬᠦᠨᠵᠡᠭᠡᠶᠢᠷᠡᠨ᠂ ᠶᠡᠷᠦᠩᠬᠡᠢᠯᠡᠨ ᠵᠠᠰᠠᠬᠤ ᠲᠥᠪ ᠤᠨ ᠵᠢᠷᠤᠮᠵᠢᠭᠤᠯᠬᠤ ᠪᠠᠢᠭᠤᠯᠤᠯᠲᠠ ᠶᠢᠨ ᠠᠵᠢᠯ ᠤᠨ ᠲᠤᠬᠠᠢ ᠪᠦᠬᠦ ᠲᠠᠯ᠎ᠠ ᠪᠠᠷ ᠬᠢᠨᠠᠨ ᠵᠢᠯᠤᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠵᠠᠩ ᠵᠥᠩ ᠫᠢᠩ ᠪᠠᠷ᠎ᠠ ᠪᠣᠯᠪᠠ᠃      ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠳᠠᠷᠬᠠᠨ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠴᠢᠳᠠᠮᠵᠢ ᠶᠢᠨ ᠬᠤᠪᠢᠶᠠᠷᠢ ᠲᠣᠭᠤᠷᠢᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠲᠣᠭᠲᠠᠴᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠥᠷᠢᠴᠡᠯ ᠢ ᠰᠢᠢᠳᠪᠦᠷᠢᠯᠡᠬᠦ ᠵᠡᠷᠭᠡ ᠠᠵᠢᠯ ᠤᠨ ᠲᠠᠩᠰᠠ ᠡᠪᠬᠡᠮᠡᠯ ᠤᠨ ᠡᠬᠡ ᠲᠠᠩᠰᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ᠂ ᠣᠳᠣᠬᠠᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠢᠯᠣᠭᠤᠳᠬᠤ ᠰᠠᠨᠠᠯ ᠳᠤᠷᠠᠳᠪᠠ᠄ ᠨᠢᠭᠡ ᠳᠤ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠡᠭᠡᠭᠰᠢᠯᠡᠬᠦᠯᠦᠨ᠎ᠡ᠃ ᠶᠡᠷᠦᠩᠬᠡᠶᠢᠯᠡᠨ ᠵᠠᠰᠠᠬᠤ ᠲᠥᠪ ᠤᠨ ᠬᠦᠯᠢᠶᠡᠨ ᠠᠪᠬᠤ ᠶᠡᠭᠡ ᠲᠢᠩᠬᠢᠮ᠂ ᠵᠥᠷᠢᠴᠡᠯ ᠢ ᠡᠶᠡᠳᠡᠭᠦᠯᠬᠦ ᠲᠠᠰᠤᠭ᠂ ᠰᠡᠳᠬᠢᠯ ᠤᠨ ᠡᠶᠡᠳᠡᠭᠦᠯᠭᠡ ᠶᠢᠨ ᠲᠠᠰᠤᠭ ᠵᠡᠷᠭᠡ ᠴᠢᠳᠠᠮᠵᠢᠲᠤ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠨᠠᠩ ᠳᠥᠭᠦᠮ ᠳᠥᠲᠡ ᠪᠣᠯᠭᠠᠨ᠎ᠠ᠃ ᠬᠤᠶᠠᠷ ᠲᠤ᠂ ᠲᠡᠮᠦᠷ ᠭᠤᠷᠪᠠᠯᠵᠢᠨ ᠪᠦᠲᠦᠴᠡ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠮᠲᠤᠪᠠᠷ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠰᠢᠢᠳᠪᠦᠷᠢᠯᠡᠬᠦ ᠲᠥᠰᠦᠯ ᠢ ᠲᠣᠭᠲᠠᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠬᠠᠮᠵᠢᠯᠴᠠᠬᠤ ᠴᠤᠪᠤᠷᠠᠯ ᠢ ᠨᠠᠷᠢᠯᠢᠬᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠠᠭᠤᠷ ᠠᠮᠢᠰᠬᠤᠯ ᠢ ᠪᠣᠶ ᠪᠣᠯᠭᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢ ᠭᠦᠢᠴᠡᠳ ᠠᠰᠢᠭᠯᠠᠨ᠂ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠤᠬᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ︔ ᠣᠯᠠᠨ ᠲᠦᠮᠡᠨ ᠤ ᠰᠠᠨᠠᠯ ᠤᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠲᠠᠷᠠᠭᠠᠴᠢ ᠶᠢᠨ ᠠᠯᠬᠤᠮ ᠳᠤ᠂ ᠳᠠᠷᠬᠠᠨ ᠰᠤᠮᠤ ᠲᠣᠰ ᠤᠳᠠᠭᠠᠨ ᠤ ᠬᠢᠨᠠᠨ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠨ ᠵᠠᠰᠠᠬᠤ ᠲᠥᠪ ᠤᠨ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠤᠨ᠎ᠠ᠃ ᠵᠥᠷᠢᠴᠡᠯ ᠢ ᠦᠨᠡᠨᠬᠦ ᠦᠨᠳᠦᠰᠦᠨ ᠱᠠᠲᠤᠨ ᠳᠤ ᠨᠢ ᠰᠢᠢᠳᠪᠦᠷᠢᠯᠡᠵᠦ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠬᠠᠷᠢᠶ᠎ᠠ ᠣᠷᠣᠨ ᠤ ᠤᠯᠠᠨ ᠲᠦᠮᠡᠨ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号