ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/26
      4 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠡᠴᠠ‌ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠡᠵᠡᠮᠳᠡᠵᠦ᠂ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠨᠠᠮ ᠪᠣᠯᠤᠨ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠢᠯᠠᠩᠭᠤᠶ᠎ᠠ ᠡᠷᠬᠢᠨ ᠲᠣᠭᠤᠷᠢᠨ ᠤ ᠠᠵᠢᠯ ᠤᠨ ᠶᠡᠭᠡ ᠲᠠᠯ᠎ᠠ ᠳᠤ ᠲᠠᠷᠬᠠᠨ ᠮᠤᠤᠮᠢᠩᠭᠠᠨ ᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠬᠠᠷᠢᠯᠴᠠᠨ ᠳᠡᠮᠵᠢᠬᠦ᠂ ᠬᠠᠷᠢᠯᠴᠠᠨ ᠪᠣᠳᠠᠲᠤ ᠶᠠᠪᠤᠳᠠᠯ ᠬᠢᠬᠦ ᠲᠣᠭᠲᠠᠴᠠ ᠶᠢ ᠭᠦᠨᠵᠡᠭᠡᠶᠢᠷᠡᠭᠦᠯᠵᠦ᠂ ᠴᠡᠷᠢᠭ ᠬᠥᠮᠦᠨ ᠤ ᠢᠷᠠᠭᠤ ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾᠂ ︽ᠪᠦᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾᠂ ︽ᠵᠠᠯᠠᠭᠤ ᠺᠠᠳ᠋ᠷ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠲᠤᠬᠠᠶ ᠰᠠᠨᠠᠯ︾ ᠢ ᠤᠯᠠᠮᠵᠢᠯᠠᠨ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠴᠢᠩᠭ᠎ᠠ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶ᠎ᠠ ᠶᠢ ᠺᠠᠳ᠋ᠷ ᠢ ᠬᠢᠨᠠᠨ ᠰᠢᠯᠭᠠᠵᠤ ᠦᠨᠡᠯᠡᠬᠦ ᠲᠡᠷᠢᠭᠦᠨ ᠴᠢᠬᠤᠯᠠ ᠪᠠᠷᠢᠮᠵᠢᠶ᠎ᠠ ᠪᠠ ᠦᠨᠳᠦᠰᠦᠨ ᠰᠢᠨᠵᠢ ᠴᠢᠨᠠᠷ ᠪᠣᠯᠭᠠᠵᠤ᠂ ᠬᠥᠮᠦᠨ ᠰᠣᠩᠭᠤᠵᠤ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠶ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠯᠢᠳᠡᠭ ᠢ ᠨᠢ ᠰᠣᠩᠭᠤᠨ ᠡᠩᠨᠡᠭᠡ ᠶᠢ ᠲᠣᠬᠢᠷᠠᠭᠤᠯᠬᠤ ᠪᠠ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠢᠨᠠᠨ ᠰᠢᠯᠭᠠᠬᠤ ᠰᠢᠰᠲ᠋ᠧᠮ ᠢ ᠰᠢᠯᠢᠳᠡᠭᠵᠢᠭᠦᠯᠦᠨ᠂ ᠮᠠᠨ ᠤ ᠬᠤᠰᠢᠭᠤᠨ ᠤ ᠬᠥᠮᠦᠨ ᠰᠣᠩᠭᠤᠵᠤ ᠬᠥᠮᠦᠨ ᠬᠡᠷᠡᠭᠯᠡᠬᠦ ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠥᠯᠭᠡᠵᠢᠭᠦᠯᠬᠦ᠂ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ ᠲᠠᠯ᠎ᠠ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠠᠨᠢᠵᠤ᠂ ᠨᠠᠩ ᠰᠠᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠠᠰᠠᠭᠤᠳᠠᠯ ᠢ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠵᠦ᠂ ᠪᠠᠰᠠ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠠᠬ᠎ᠠ ᠳᠡᠯᠭᠡᠭᠦᠷ ᠤᠨ ᠰᠡᠳᠬᠢᠬᠦᠢ ᠪᠣᠯᠤᠨ ᠡᠵᠡᠩᠨᠡᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠣᠶᠢᠯᠠᠭᠠᠯᠲᠠ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠬᠡᠷᠡᠭᠲᠡᠢ᠃ ᠰᠣᠶᠣᠯ ᠵᠤᠭᠠᠴᠠᠯ ᠤᠨ ᠡᠬᠢ ᠪᠠᠶᠠᠯᠢᠭ ᠤᠨ ᠳᠣᠲᠣᠭᠠᠳᠤ ᠦᠷᠳᠡᠭ ᠢ ᠭᠦᠨᠵᠡᠭᠡᠢ ᠠᠭᠤᠳᠠᠯᠵᠤ᠂ ᠥᠪᠡᠷᠮᠢᠴᠡ ᠲᠠᠲᠠᠬᠤ ᠬᠦᠴᠦᠨ ᠪᠠ ᠳᠡᠭᠡᠳᠦ ᠬᠡᠮᠵᠢᠶ᠎ᠡ ᠪᠠᠷ ᠲᠠᠲᠠᠬᠤ ᠬᠦᠴᠦᠨ ᠲᠠᠢ ᠦᠢᠯᠡᠳᠬᠦᠨ ᠢ ᠭᠠᠷᠭᠠᠵᠤ᠂ ᠣᠷᠣᠨ ᠪᠦᠰᠡ ᠶᠢᠨ ᠰᠣᠶᠣᠯ ᠵᠤᠭᠠᠴᠠᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠲᠥᠪᠯᠡᠷᠡᠭᠦᠯᠦᠨ ᠬᠦᠴᠦᠯᠡᠬᠦ ᠶᠢ ᠪᠡᠶᠡᠯᠡᠭᠦᠯᠵᠦ ᠂ ᠡᠭᠦᠷᠭᠡ ᠶᠢᠨ ᠲᠠᠯ᠎ᠠ ᠪᠠᠷ᠂ ᠬᠠᠷᠢᠭᠤᠴᠠᠯᠭ᠎ᠠ ᠶᠢᠨ ᠲᠠᠯ᠎ᠠ ᠪᠠᠷ᠂ ᠴᠠᠭ ᠤᠨ ᠲᠠᠯ᠎ᠠ ᠠᠴᠠ ᠱᠠᠳᠤ ᠱᠠᠳᠤ ᠪᠠᠷ ᠵᠠᠳᠠᠯᠤᠨ ᠨᠠᠷᠢᠯᠢᠬᠵᠢᠭᠤᠯᠵᠤ᠂ ᠠᠰᠠᠭᠤᠳᠠᠯ ᠢ ᠲᠠᠬᠢᠨ ᠡᠮᠬᠢᠯᠡᠵᠦ ᠲᠠᠬᠢᠨ ᠳ᠋ᠦᠩᠨᠡᠵᠦ᠂ ᠵᠣᠬᠢᠴᠠᠭᠤᠯᠤᠨ ᠬᠠᠮᠵᠢᠯᠴᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷ ᠥᠪᠡᠷ ᠤᠨ ᠬᠦᠴᠦᠨ ᠢᠶᠠᠷ ᠢᠶᠠᠨ ᠵᠤᠭᠠᠴᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ︽ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠢ ᠪᠠᠶᠢᠴᠠᠭᠠᠨ ᠳᠡᠯᠭᠡᠬᠦ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠬᠦ᠂ ᠰᠤᠷᠤᠯᠴᠠᠵᠤ ᠪᠠᠶᠢᠴᠠᠭᠠᠬᠤ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠵᠤ᠂ ᠰᠤᠷᠲᠠᠯ ᠢᠶᠠᠨ ᠦᠨᠡᠨ ᠬᠦ ᠳᠡᠭᠡᠭᠰᠢᠯᠡᠭᠦᠯᠦᠨ᠂ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠲᠠᠢ ᠤᠶᠠᠯᠳᠤᠭᠤᠯᠤᠨ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号