ᠬᠥᠳᠡᠯᠮᠦᠷᠢᠴᠢᠳ ᠢᠶᠠᠨ ᠮᠠᠭᠲᠠᠨ ᠳᠠᠭᠤᠯᠠᠶ᠎ᠠ︕
ᠨᠡᠶᠢᠲᠡᠯᠡᠭᠰᠡᠨ ᠴᠠᠭ᠄
2025/4/26
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 4 ᠬᠥᠮᠥᠨ ᠢ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢᠶᠠᠷ ᠬᠥᠬᠢᠭᠦᠯᠦᠨ ᠰᠠᠶᠢᠰᠢᠶᠠᠪᠠ      4 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ 2025 ᠣᠨ ᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃ ᠲᠠᠷᠬᠠᠨ ᠮᠤᠤᠮᠢᠩᠭᠠᠨ ᠬᠤᠰᠢᠭᠤᠨ ᠤ ᠵᠠᠩ ᠪᠢᠨ᠂ ᠰᠢᠤᠸᠠᠢ ᡁᠢ ᠬᠤᠢ᠂ ᠰᠠᠷᠠᠨᠳᠤᠶᠠᠭ᠎ᠠ᠂ ᠮᠠ ᠰᠢᠶᠤᠤ ᠴᠢᠩ  ᠵᠡᠷᠭᠡ ᠨᠦᠬᠦᠷ ᠬᠦᠬᠢᠬᠦᠯᠦᠨ ᠰᠠᠶᠢᠰᠢᠶᠠᠭᠳᠠᠪᠠ᠃      ᠨᠢᠭᠡ ᠵᠦᠢᠯ ᠤᠨ ᠵᠣᠷᠢᠭ ᠰᠠᠨᠠᠭ᠎ᠠ ᠶᠢ ᠥᠪᠡᠷ ᠢ ᠪᠠᠨ ᠮᠠᠷᠲᠠᠵᠤ ᠬᠤᠪᠢ ᠨᠡᠮᠡᠷᠢ ᠦᠵᠡᠭᠦᠯᠬᠦ ᠭᠡᠳᠡᠭ︕ ᠨᠢᠭᠡ ᠪᠦᠯᠦᠭ ᠬᠦᠮᠦᠨ ᠢ ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠭᠡᠳᠡᠭ︕ ᠲᠡᠳᠡ ᠪᠣᠯ ᠵᠣᠭᠰᠣᠯᠲᠠ ᠪᠠᠲᠤ ᠵᠢᠱᠢᠶᠡᠴᠢ᠂ ᠭᠠᠪᠢᠶ᠎ᠠ ᠪᠠᠶᠢᠭᠤᠯᠵᠤ ᠦᠢᠯᠡᠰ ᠪᠥᠲᠦᠭᠡᠭᠰᠡᠨ ᠬᠤᠰᠢᠭᠤᠴᠢ᠂ ᠰᠢᠨ᠎ᠡ ᠶᠢ ᠡᠭᠦᠳᠥᠭᠰᠡᠨ ᠦᠯᠢᠭᠡᠷ ᠵᠢᠱᠢᠶ᠎ᠡ᠂ ᠶᠡᠭᠡ ᠲᠠᠯ᠎ᠠ ᠶᠢ  ᠬᠠᠷᠠᠭᠠᠯᠵᠠᠭᠰᠠᠨ ᠳᠠᠭᠤᠷᠢᠶᠠᠯ ᠮᠥᠨ᠂ ᠲᠡᠳᠡ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠴᠢᠨ ᠠᠩᠭᠢ ᠶᠢᠨ ᠡᠵᠡᠨ ᠬᠥᠮᠦᠨ ᠤ ᠳᠦᠷᠰᠦ ᠪᠠᠶᠢᠳᠠᠯ ᠢ ᠭᠦᠢᠴᠡᠳ ᠦᠵᠡᠭᠦᠯᠵᠥ᠂ ᠠᠵᠢᠯᠴᠢᠨ ᠠᠩᠭᠢ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠥᠷᠭᠡᠨ ᠤᠯᠠᠨ ᠠᠵᠢᠯᠳᠠᠨ ᠠᠵᠢᠯᠴᠢᠨ ᠲᠡᠳᠡᠨ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠤᠰ ᠲᠦᠷᠦ ᠶᠢᠨ ᠤᠤᠷ ᠴᠢᠨᠠᠷ᠂ ᠵᠣᠷᠢᠭᠲᠠᠢ ᠪᠠᠷ ᠰᠢᠨ᠎ᠡ ᠶᠢ ᠡᠭᠦᠳᠴᠦ ᠲᠡᠷᠢᠭᠦᠨ ᠤ ᠪᠣᠯᠬᠤ ᠪᠠᠷ ᠴᠢᠷᠮᠠᠶᠢᠬᠤ ᠬᠠᠷᠢᠭᠤᠴᠠᠯᠭ᠎ᠠ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠥᠨ ᠤᠷᠤᠭᠰᠢᠯᠠᠨ ᠲᠠᠪᠰᠢᠬᠤ ᠵᠣᠷᠢᠭ ᠰᠠᠨᠠᠭ᠎ᠠ᠂ ᠪᠦᠯᠬᠦᠮᠳᠡᠯ ᠢ ᠡᠷᠬᠢᠮᠯᠡᠵᠦ ᠡᠶ᠎ᠡ ᠵᠣᠬᠢᠴᠠᠯ ᠢ ᠠᠬᠢᠭᠤᠯᠬᠤ ᠶᠡᠭᠡ ᠲᠠᠯ᠎ᠠ ᠶᠢᠨ ᠤᠬᠠᠮᠰᠠᠷ ᠢ  ᠲᠠᠭᠠᠨ ᠰᠤᠷᠤᠯᠴᠠᠵᠤ᠂ ᠬᠥᠬᠢᠭᠦᠯᠦᠨ ᠰᠠᠶᠢᠰᠢᠶᠠᠭᠳᠠᠭᠰᠠᠨ ᠬᠤᠪᠢ ᠬᠥᠮᠦᠨ ᠢᠷᠠᠭᠤ ᠠᠯᠲᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠤᠭ ᠰᠦᠯᠳᠡ ᠪᠠᠨ ᠪᠠᠳᠠᠷᠠᠭᠤᠯᠵᠤ᠂ ᠰᠢᠨ᠎ᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠵᠥ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠬᠦ ᠶᠢ ᠬᠥᠰᠡᠶ᠎ᠡ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号