ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/26
      4 ᠰᠠᠷ᠎ᠠ ᠶᠢᠨ 24 ᠤ ᠡᠳᠦᠷ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠵᠣᠬᠢᠶᠠᠮᠠᠯ ᠣᠶᠤᠨ ᠴᠢᠳᠠᠪᠤᠷᠢ︾ ᠪᠠᠷ ᠭᠤᠤᠯ ᠰᠡᠳᠦᠪ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠣᠷᠳᠣᠨ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ 2025 ᠣᠨ ᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠬᠥᠭᠵᠢᠯᠲᠡ ᠶᠢᠨ ᠴᠢᠬᠤᠯᠠ ᠴᠢᠨᠠᠷ ᠢ ᠳᠡᠯᠭᠡᠨ ᠦᠵᠡᠭᠦᠯᠵᠦ᠂ ᠤᠯᠠᠨ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠡᠳ᠋ᠯᠡᠬᠦ ᠶᠢᠨ ᠬᠠᠮᠲᠤ ᠮᠡᠳᠡᠯᠭᠡ ᠶᠢᠨ ᠥᠮᠴᠢᠯᠡᠯ ᠤᠨ ᠡᠷᠬᠡ ᠶᠢ ᠰᠠᠶᠢᠲᠤᠷ ᠠᠩᠬᠠᠷᠤᠨ ᠬᠠᠮᠠᠭᠠᠯᠠᠬᠤ ᠶᠢ ᠰᠠᠨᠠᠭᠠᠴᠢᠯᠠᠪᠠ᠃      ᠳᠠᠷᠠᠭ᠎ᠠ ᠨᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠳ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠨᠧᠷᠭᠢ ᠣᠯᠭᠤᠬᠤ ᠠᠵᠤ ᠠᠬᠤᠶ ᠶᠢᠨ ᠬᠥᠭᠵᠢᠯᠲᠡ︾ ᠶᠢᠨ ᠲᠣᠭᠤᠷᠢᠨ ᠳᠤ ᠭᠦᠨᠵᠡᠭᠡᠶ ᠰᠣᠯᠢᠯᠴᠠᠭ᠎ᠠ ᠬᠢᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠬᠠᠶ ᠶᠢᠨ ᠲᠠᠯᠠᠪᠠᠢ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠵᠡᠷᠭᠡ ᠠᠰᠠᠭᠤᠳᠠᠯ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠡᠴᠦᠰ ᠲᠤ᠂ ᠬᠤᠷᠠᠯ ᠳᠤ ᠣᠷᠣᠯᠴᠠᠭᠰᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠷᠭᠡᠵᠢᠯ ᠤᠨ ᠳᠠᠪᠰᠢᠯᠲᠠ ᠶᠢ ᠬᠡᠷᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠥ ᠪᠠᠶᠢᠬᠤ ᠶᠢ ᠣᠶᠢᠯᠠᠭᠠᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ ᠤᠨ ᠳᠠᠷᠤᠭ᠎ᠠ ᠸᠠᠩ ᠶᠠ ᠴᠢᠶᠠᠨ᠄ ︽ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠶᠢᠯᠠᠭᠠᠭᠳᠠᠬᠤᠨ ᠢ ᠨᠠᠩ ᠰᠠᠶᠢᠲᠤᠷ ᠤᠯᠠᠮᠵᠢᠯᠠᠵᠤ᠂ ᠪᠥᠬᠦ ᠨᠡᠶᠢᠭᠡᠮ ᠢᠶᠠᠷ ᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠰᠢᠨ᠎ᠡ ᠶᠢ ᠡᠭᠦᠳᠬᠦ᠂ ᠡᠭᠦᠳᠦᠨ ᠪᠦᠲᠦᠭᠡᠬᠦ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 2025 ᠣᠨ ᠳᠤ ᠰᠢᠨ᠎ᠡ ᠶᠢ ᠡᠭᠦᠳᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠨᠠᠩ ᠰᠠᠶᠢᠲᠤᠷ ᠡᠭᠦᠳᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号