ᠮᠣᠷᠢᠨ ᠤᠷᠤᠯᠳᠤᠭᠠᠨ ᠤ ᠬᠥᠳᠡᠭᠡ ᠲᠣᠰᠬᠤᠨ ᠤ ᠬᠡᠲᠦ ᠬᠤᠯᠪᠣᠭᠠᠲᠣ ᠤᠷᠤᠯᠳᠤᠭᠠᠨ + ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ  ᠡᠨᠡ ᠬᠦ ︽ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ︾ ᠠᠵᠢᠯᠯᠠᠭ᠎ᠠ ᠶᠢ ᠦᠷᠨᠢᠬᠦᠯᠦᠭᠰᠡᠨ ᠨᠢ ᠂ ᠭᠤᠶᠣ ᠰᠠᠶᠢᠬᠠᠨ ᠭᠠᠯ ᠤᠨ ᠣᠴᠢ ᠶᠢ ᠮᠦᠷᠭᠦᠯᠳᠦᠨ ᠭᠠᠷᠭᠠᠪᠠ
ᠨᠡᠶᠢᠲᠡᠯᠡᠭᠰᠡᠨ ᠴᠠᠭ᠄
2025/4/28
      ᠮᠣᠷᠢᠨ ᠤᠷᠤᠯᠳᠤᠭᠠᠨ ᠤ ᠬᠥᠳᠡᠭᠡ ᠲᠣᠰᠬᠤᠨ ᠤ ᠬᠡᠲᠦ ᠬᠤᠯᠪᠣᠭᠠᠲᠣ ᠤᠷᠤᠯᠳᠤᠭᠠᠨ ᠤ ᠬᠥᠭᠵᠢᠶᠡᠨ ᠨᠠᠷᠭᠢᠶᠠᠨᠲᠤ ᠨᠢ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠭᠦᠨ ᠵᠤᠵᠠᠭᠠᠨ ᠨᠠᠷᠢᠨ ᠠᠭᠤᠯᠭ᠎ᠠ ᠲᠠᠢ ᠤᠴᠠᠷᠠᠬᠤ ᠦᠶ᠎ᠡ ᠳᠤ᠂ ᠨᠢᠭᠡ ᠤᠳᠠᠭᠠᠨ ᠤ ᠭᠤᠶᠢᠳᠠ ᠰᠠᠶᠢᠬᠠᠨ ︽ᠪᠣᠳᠠᠰ ᠤᠨ ᠪᠤᠰᠤ ᠰᠣᠶᠣᠯ ᠤᠨ ᠥᠪ ᠤᠨ ᠦᠵᠡᠮᠵᠢ ᠶᠢᠨ ᠣᠷᠣᠨ ᠳᠤ ᠣᠷᠣᠬᠤ︾ ᠠᠵᠢᠯᠯᠠᠭ᠎ᠠ ᠠᠳᠡ ᠶᠠᠪᠤᠭᠳᠠᠪᠠ᠃ ᠠᠵᠢᠯᠯᠠᠭ᠎ᠠ ᠨᠢᠭᠡᠨᠲᠡ ᠥᠨᠳᠥᠷᠯᠡᠭᠰᠡᠨ ᠪᠣᠯᠪᠠᠴᠤ ᠲᠡᠳᠡᠭᠡᠷ ᠮᠠᠷᠲᠠᠭᠳᠠᠰᠢ ᠦᠭᠡᠢ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠭᠱᠠᠨ ᠵᠠᠭᠤᠷ᠎ᠠ ᠮᠥᠨ ᠯᠡ ᠮᠠᠰᠢ ᠣᠯᠠᠨ ᠣᠷᠣᠯᠴᠠᠭᠴᠢ ᠶᠢᠨ ᠰᠡᠳᠬᠢᠯ ᠳᠤ ᠭᠦᠨ ᠰᠠᠭᠤᠭᠳᠠᠯ ᠦᠯᠡᠳᠡᠭᠡᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠦᠵᠡᠮᠵᠢ ᠶᠢᠨ ᠣᠷᠣᠨ ᠤ ᠡᠮᠦᠨ᠎ᠡ ᠦᠵᠡᠭᠴᠢᠳ ᠳᠦᠭᠦᠷᠴᠡᠢ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠨᠢ ᠬᠠᠶᠢᠴᠢ ᠪᠠᠷᠢᠵᠤ᠂ ᠴᠠᠭᠠᠰᠤ ᠪᠠᠷ ᠵᠢᠷᠤᠭ ᠤᠨ ᠪᠦᠰᠡ ᠪᠣᠯᠭᠠᠵᠤ᠂ ᠤᠷᠠᠨ ᠡᠰᠭᠡᠯᠲᠡ ᠳᠣᠣᠷ᠎ᠠ᠂ ᠥᠯᠵᠡᠢ ᠪᠡᠯᠭᠡ  ᠲᠠᠢ ᠵᠢᠷᠤᠭ ᠳᠦᠷᠰᠦ᠂ ᠠᠷᠠᠳ ᠤᠨ ᠵᠠᠩ ᠦᠢᠯᠡ ᠶᠢᠨ ᠦᠯᠢᠭᠡᠷ ᠨᠢ ᠴᠠᠭᠠᠰᠤᠨ ᠳᠡᠭᠡᠷ᠎ᠡ ᠲᠣᠳᠣᠷᠠᠨ᠎ᠠ᠃ ᠲᠣᠭᠤᠷᠢᠨ ᠦᠵᠡᠬᠦ ᠵᠢᠭᠤᠯᠴᠢᠳ ᠤᠷᠠᠨ ᠰᠠᠢᠬᠠᠨ ᠤᠷ᠎ᠠ ᠮᠡᠷᠭᠡᠵᠢᠯ ᠢ ᠭᠠᠶᠢᠬᠠᠵᠦ᠂ ᠴᠠᠭᠠᠰᠤᠨ ᠬᠠᠶᠢᠴᠢᠮᠠᠯ ᠤᠨ ᠠᠷᠤ ᠳᠠᠬᠢ ᠶᠣᠭᠲᠠ ᠰᠠᠨᠠᠭ᠎ᠠ ᠶᠢ ᠠᠰᠠᠭᠤᠨ ᠯᠠᠪᠯᠠᠵᠤ᠂ ᠡᠨᠡ ᠬᠦ ᠡᠷᠲᠡᠨ ᠤ ᠬᠤᠷᠤᠭᠤᠨ ᠦᠵᠦᠭᠦᠷ ᠤᠨ ᠤᠷᠠᠯᠢᠭ ᠢ ᠳᠠᠬᠢᠨ ᠠᠮᠢᠵᠢᠷᠠᠭᠤᠯᠪᠠ᠃      ᠤᠯᠠᠮᠵᠢᠯᠠᠯᠲᠤ ᠭᠠᠷ ᠤᠷᠠᠯᠠᠯ ᠡᠷᠢᠭᠡ ᠨᠢ ᠠᠳᠠᠯᠢᠬᠠᠨ ᠬᠥᠮᠦᠨ ᠤ ᠬᠦᠷᠢᠶᠡᠯᠡᠯ ᠣᠯᠠᠨ᠃ ᠤᠷᠠᠨ ᠬᠥᠮᠦᠰ ᠥᠩᠭᠡ ᠪᠣᠳᠤᠭ ᠨᠢ ᠡᠯᠳᠡᠪ ᠣᠨᠳᠣᠣ ᠰᠤᠪᠤᠳ ᠢ ᠨᠠᠷᠢᠨ ᠨᠢᠮᠪᠠᠢ ᠬᠤᠯᠪᠣᠵᠤ᠂ ᠤᠯᠠᠮᠵᠢᠯᠠᠯᠲᠤ ᠤᠶᠠᠩᠭᠠᠲᠤ ᠦᠨᠦᠷ ᠪᠠ ᠣᠳᠣ ᠦᠶ᠎ᠡ ᠶᠢᠨ ᠭᠤᠸ᠎ᠠ ᠰᠠᠢᠬᠠᠨ ᠤ ᠲᠥᠷᠥᠭᠳᠡᠯ ᠢ ᠬᠤᠣᠰᠯᠠᠭᠤᠯᠤᠭᠰᠠᠨ ᠵᠠᠰᠠᠯ ᠴᠢᠮᠡᠭᠯᠡᠯ ᠤᠨ ᠡᠳ᠋᠂ ᠳᠡᠯᠭᠡᠭᠡ ᠡᠳ᠋ ᠢ ᠵᠣᠬᠢᠶᠠᠨ ᠪᠦᠲᠦᠭᠡᠨ᠎ᠡ᠃ ᠳᠥᠭᠦᠮ ᠠᠪᠰᠠᠷᠬᠠᠨ ᠠᠷᠪᠠᠨ ᠬᠤᠶᠠᠷ ᠵᠢᠯ ᠤᠨ ᠳᠡᠯᠭᠡᠨ ᠦᠵᠡᠭᠦᠯᠦᠯᠭᠡ  ᠠᠴᠠ ᠤᠷᠠᠨ ᠨᠠᠷᠢᠯᠢᠭ ᠡᠯᠭᠦᠭᠡ ᠵᠦᠢᠯ ᠬᠦᠷᠲᠡᠯ᠎ᠡ᠂ ᠪᠦᠲᠦᠭᠡᠯ ᠨᠢᠭᠡᠪᠦᠷᠢ ᠨᠢ ᠴᠥᠮ ᠵᠢᠭᠤᠯᠴᠢᠳ ᠤᠨ ᠰᠣᠨᠢᠷᠬᠠᠯ ᠢ ᠲᠠᠲᠠᠵᠤ᠂ ᠴᠥᠭᠡᠨ ᠪᠤᠰᠤ ᠬᠥᠮᠦᠰ ᠪᠠᠰᠠ ᠲᠣᠭᠤᠭᠰᠠᠨ ᠬᠡᠯᠬᠢᠶ᠎ᠡ ᠰᠤᠪᠤᠳ ᠭᠠᠷ ᠤᠷᠠᠯᠠᠯ ᠤᠨ ᠪᠦᠲᠦᠭᠡᠭᠳᠡᠬᠦᠨ ᠢ ᠰᠣᠩᠭᠤᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠢᠬᠠᠨ ᠢ ᠭᠡᠷ ᠲᠤ ᠪᠠᠨ ᠠᠪᠠᠴᠢᠨ᠎ᠠ᠃      ᠠᠷᠠᠳ ᠤᠨ ᠤᠯᠠᠮᠵᠢᠯᠠᠯᠲᠤ ᠭᠤᠯᠢᠷ ᠱᠤᠭᠤᠮᠠᠯ ᠪᠠ ᠰᠢᠪᠠᠷ ᠱᠤᠭᠤᠮᠠᠯ ᠳᠡᠯᠭᠡᠨ ᠦᠵᠡᠭᠦᠯᠬᠦ  ᠪᠠᠶᠢᠷᠢ ᠨᠢ ᠨᠡᠩ ᠴᠦ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠨ ᠬᠥᠳᠡᠯᠦᠯᠴᠡᠬᠦ ᠪᠠᠶᠠᠷ ᠬᠥᠷ ᠤᠨ ᠲᠠᠯᠠᠪᠤᠷ ᠪᠣᠯᠤᠨ᠎ᠠ᠃ ᠭᠤᠯᠢᠷ ᠢᠶᠠᠷ ᠱᠣᠭᠤᠬᠤ ᠣᠷᠠᠯᠢᠭᠴᠢᠳ ᠪᠣᠯᠪᠠᠰᠤᠷᠠᠩᠭᠤᠢ ᠠᠷᠭ᠎ᠠ ᠪᠠᠷ ᠳᠣᠮᠤᠭ᠂ ᠺᠠᠷᠲ᠋ᠤᠨ ᠤ ᠳᠦᠷᠢ ᠶᠢ ᠪᠦᠲᠦᠭᠡᠵᠡᠢ ; ᠰᠢᠪᠠᠷ ᠱᠤᠭᠤᠮᠠᠯ ᠤᠨ ᠳᠠᠷᠬᠠᠨ ᠬᠠᠷᠢᠨ ᠰᠢᠪᠠᠷ ᠰᠢᠷᠤᠢ ᠪᠠᠷ ᠲᠦᠭᠦᠭᠡᠢ ᠡᠳ᠋ ᠪᠤᠯᠭᠠᠵᠤ᠂ ᠰᠡᠶᠢᠯᠦᠮᠡᠯ᠂ ᠥᠩᠭᠡ ᠣᠷᠣᠭᠤᠯᠬᠤ ᠪᠠᠷ ᠳᠠᠮᠵᠢᠨ ᠠᠮᠢᠳᠤᠷᠠᠯ ᠢᠶᠠᠨ ᠰᠡᠷᠭᠦᠭᠡᠨ᠎ᠡ᠃ ᠬᠡᠦᠬᠡᠳ ᠤᠳ ᠭᠡᠷ ᠤᠨ ᠠᠬᠠᠮᠠᠳ ᠤᠨ ᠪᠠᠷ᠎ᠠ ᠪᠣᠯᠣᠯᠭ᠎ᠠ ᠳᠣᠣᠷ᠎ᠠ᠂ ᠵᠣᠬᠢᠶᠠᠨ ᠪᠦᠲᠦᠭᠡᠬᠦ ᠶᠠᠪᠤᠴᠠ ᠶᠢ ᠣᠶᠢᠷᠠᠬᠠᠨ ᠢᠶᠠᠷ ᠠᠵᠢᠭᠯᠠᠵᠤ᠂ ᠤᠯᠠᠮᠵᠢᠯᠠᠯᠲᠤ ᠭᠠᠷ ᠤᠷᠠᠯᠠᠯ ᠤᠨ ᠭᠠᠶᠢᠬᠠᠮᠰᠢᠭ ᠢ ᠮᠡᠳᠡᠷᠡᠪᠡ᠃      ᠬᠠᠷᠢᠨ ᠥᠪᠡᠷᠮᠢᠴᠡ ᠣᠨᠴᠠᠯᠢᠭ ᠲᠠᠢ ᠦᠬᠡᠷ ᠤᠨ ᠠᠷᠠᠰᠤᠨ ᠴᠠᠭᠠᠰᠤᠨ ᠬᠠᠳᠠᠨ ᠵᠢᠷᠤᠭ ᠤᠨ ᠦᠵᠡᠭᠦᠯᠦᠯᠭᠡ ᠶᠢᠨ ᠲᠣᠭᠤᠷᠢᠭ ᠨᠢ ᠪᠦᠳᠦᠭᠦᠯᠢᠭ ᠱᠤᠭᠤᠮ ᠪᠠ ᠨᠢᠭᠤᠴᠠᠭᠠᠢ ᠵᠢᠷᠤᠭ ᠬᠡᠯᠪᠡᠷᠢ ᠪᠠᠷ ᠪᠠᠯᠠᠷ ᠡᠷᠲᠡᠨ ᠤ ᠦᠶ᠎ᠡ ᠶᠢᠨ ᠠᠮᠢᠳᠤᠷᠠᠯ ᠤᠨ ᠳᠦᠷᠰᠦ ᠪᠠᠶᠢᠳᠠᠯ ᠢ ᠳᠠᠬᠢᠨ ᠢᠯᠡᠷᠡᠭᠦᠯᠪᠡ᠃ ᠵᠢᠭᠤᠯᠴᠢᠯᠠᠭᠴᠢᠳ ᠬᠠᠳᠠᠨ ᠵᠢᠷᠤᠭ ᠤᠨ ᠡᠮᠦᠨ᠎ᠡ ᠵᠣᠭᠰᠣᠵᠤ᠂ ᠴᠠᠭ ᠬᠤᠭᠤᠴᠠᠭ᠎ᠠ ᠣᠷᠣᠨ ᠵᠠᠢ ᠶᠢ ᠠᠯᠤᠰᠯᠠᠵᠤ᠂ ᠲᠡᠦᠬᠡ ᠲᠠᠢ ᠶᠠᠷᠢᠯᠴᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠦᠨᠳᠦᠰᠦ ᠰᠤᠷᠪᠤᠯᠵᠢ ᠶᠢ ᠭᠦᠨᠵᠡᠭᠡᠢ ᠣᠶᠢᠯᠠᠭᠠᠵᠤ ᠴᠢᠳᠠᠬᠤ ᠰᠢᠭ᠋ ᠰᠠᠨᠠᠭᠳᠠᠨ᠎ᠠ᠃      ᠤᠯᠠᠮᠵᠢᠯᠠᠯᠲᠤ ᠴᠠᠭᠠᠰᠤᠨ ᠦᠵᠡᠭᠦᠯᠦᠯᠭᠡ ᠶᠢᠨ ᠲᠣᠭᠤᠷᠢᠭ ᠨᠢ ᠬᠥᠮᠦᠰ ᠤᠨ ᠠᠩᠬᠠᠷᠤᠯ ᠢ ᠲᠠᠲᠠᠭᠰᠠᠨ ᠪᠠᠶᠢᠨ᠎ᠠ᠃ ᠨᠠᠷᠢᠨ ᠨᠢᠭᠲᠠ ᠴᠠᠭᠠᠰᠤᠨ ᠵᠢᠷᠤᠭᠠᠰᠤ ᠨᠢ ᠤᠯᠠᠮᠵᠢᠯᠠᠭᠴᠢ ᠶᠢᠨ ᠬᠤᠷᠤᠭᠤᠨ ᠦᠵᠦᠭᠦᠷ ᠲᠤ ᠤᠷᠪᠠᠨ᠂ ᠮᠣᠷᠣᠶᠢᠨ᠂ ᠤᠷᠠᠨ ᠨᠠᠷᠢᠯᠢᠭ ᠪᠦᠯᠬᠦᠮ ᠪᠠ ᠨᠠᠭᠠᠯᠳᠤᠭᠤᠯᠬᠤ ᠪᠠᠷ ᠳᠠᠮᠵᠢᠭᠤᠯᠤᠨ᠂ ᠠᠭᠠᠵᠢᠮ ᠢᠶᠠᠷ ᠠᠮᠢᠳᠤ ᠳᠦᠷᠰᠦᠯᠢᠭ ᠴᠡᠴᠡᠭ ᠬᠤᠸᠠᠷ᠂ ᠨᠢᠭᠡᠨ ᠤᠶᠠᠨ ᠬᠠᠳᠠᠨ ᠡᠷᠪᠡᠬᠡᠢ ᠪᠣᠯᠵᠤ᠂ ᠴᠢᠨᠠᠭᠰᠢᠯᠠᠪᠠᠯ ᠪᠤᠳᠤᠯᠢᠶᠠᠨᠲᠠᠶ ᠨᠠᠷᠢᠯᠢᠭ ᠰᠠᠶᠢᠬᠠᠨ ᠵᠠᠰᠠᠯ ᠴᠢᠮᠡᠭᠯᠡᠯ ᠪᠣᠯᠵᠤ ᠬᠤᠪᠢᠷᠠᠪᠠ᠃ ᠨᠤᠮᠤ ᠨᠢᠭᠡᠪᠦᠷᠢ᠂ ᠮᠣᠷᠣᠶᠢᠯᠲᠠ ᠨᠢᠭᠡ ᠪᠦᠷᠢ ᠳᠤ ᠴᠥᠮ ᠤᠷᠠᠨ ᠳᠠᠷᠬᠠᠨ ᠤ ᠠᠩᠬᠠᠷᠤᠯ ᠪᠠ ᠲᠡᠰᠪᠦᠷᠢ ᠲᠡᠪᠴᠢᠶᠡᠷᠢ ᠲᠠᠢ ᠪᠠᠶᠢᠵᠤ᠂ ᠴᠥᠭᠡᠨ ᠪᠤᠰᠤ ᠵᠤᠭᠠᠴᠠᠭᠰᠠᠳ ᠡᠨᠡ ᠬᠦ ᠨᠠᠷᠢᠯᠢᠭ ᠰᠠᠶᠢᠬᠠᠨ ᠤᠷ᠎ᠠ ᠮᠡᠷᠭᠡᠵᠢᠯ ᠳᠤ ᠲᠠᠲᠠᠭᠳᠠᠵᠤ᠂ ᠤᠳᠠᠭᠠᠨ ᠴᠠᠭ ᠵᠣᠭᠰᠣᠨ᠂ ᠪᠠᠰᠠ ᠪᠠᠶᠢᠨ ᠪᠠᠶᠢᠨ ᠭᠠᠷ ᠤᠲᠠᠰᠤ ᠪᠠᠷ ᠡᠳᠡᠭᠡᠷ ᠭᠤᠶᠤ ᠰᠠᠶᠢᠬᠠᠨ ᠫᠢᠯᠠ ᠶᠢᠨ ᠪᠦᠲᠦᠭᠡᠯ ᠢ ᠲᠡᠮᠳᠡᠭᠯᠡᠵᠦ᠂ ᠤᠯᠠᠮᠵᠢᠯᠠᠯᠲᠤ ᠤᠷ᠎ᠠ ᠮᠡᠷᠭᠡᠵᠢᠯ ᠢ ᠮᠠᠭᠲᠠᠨ ᠰᠠᠶᠢᠰᠢᠶᠠᠵᠤ ᠪᠠᠶᠢᠪᠠ᠃      ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ︾ ᠠᠵᠢᠯᠯᠠᠭ᠎ᠠ ᠨᠢ ᠤᠯᠠᠮᠵᠢᠯᠠᠯᠲᠤ ᠴᠠᠭᠠᠰᠤᠨ ᠬᠠᠶᠢᠴᠢᠯᠠᠮᠠᠯ᠂ ᠭᠠᠷ ᠤᠷᠠᠯᠠᠯ ᠡᠷᠢᠭᠡ᠂ ᠭᠤᠯᠢᠷ ᠱᠤᠭᠤᠮᠠᠯ᠂ ᠰᠢᠪᠠᠷ ᠱᠤᠭᠤᠮᠠᠯ᠂ ᠦᠬᠡᠷ ᠤᠨ ᠠᠷᠠᠰᠤᠨ ᠴᠠᠭᠠᠰᠤᠨ ᠬᠠᠳᠠᠨ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠣᠯᠠᠨ ᠤ ᠬᠠᠷᠠᠭᠠᠨ ᠳᠤ ᠣᠷᠣᠭᠤᠯᠤᠭᠰᠠᠨ ᠢᠶᠠᠷ ᠪᠠᠷᠠᠬᠤ ᠥᠬᠡᠶ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠬᠢᠭᠡᠳ ᠦᠵᠡᠮᠵᠢ ᠶᠢᠨ ᠣᠷᠣᠨ ᠤ ᠠᠬᠤᠶ ᠲᠠᠯᠠᠪᠠᠶ ᠶᠢᠨ ᠭᠦᠨᠵᠡᠭᠡᠶ ᠠᠭᠤᠰᠤᠯᠴᠠᠯ ᠢ ᠨᠠᠩ ᠢᠯᠡᠭᠦᠤ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠬᠠᠷᠢᠯᠴᠠᠨ ᠰᠣᠯᠢᠯᠴᠠᠬᠤ ᠳᠤ ᠲᠠᠪᠴᠠᠩ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠪᠠ᠃ ᠲᠡᠷᠡ ᠵᠤᠭᠠᠴᠠᠭᠰᠠᠳ ᠤᠨ ᠵᠤᠭᠠᠴᠠᠨ ᠨᠠᠭᠠᠳᠬᠤ ᠥᠩᠭᠡᠷᠡᠯᠲᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠢᠷᠡᠭᠡᠳᠦᠢ ᠳᠤ ᠪᠢᠳᠡ ᠨᠡᠩ ᠤᠯᠠᠨ ᠡᠶᠢᠮᠦᠷᠭᠦᠦ ᠠᠵᠢᠯᠯᠠᠭ᠎ᠠ ᠦᠷᠨᠢᠬᠦᠯᠦᠨ᠂ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠢ ᠦᠷᠬᠦᠯᠵᠢᠯᠡᠨ ᠪᠠᠳᠠᠷᠠᠭᠤᠯᠰᠤᠭᠠᠢ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号