ᠪᠣᠯᠪᠠᠰᠤᠨ ᠲᠠᠬᠢᠯᠭ᠎ᠠ ᠨᠢ ᠬᠠᠩᠰᠢ ᠶᠢᠨ ᠡᠳᠦᠷ  ᠢ  ᠨᠡᠩ ︽  ᠴᠡᠪᠡᠷ ᠴᠡᠮᠴᠡᠭᠡᠷ︾  ᠪᠤᠯᠭᠠᠨ᠎ᠠ
ᠨᠡᠶᠢᠲᠡᠯᠡᠭᠰᠡᠨ ᠴᠠᠭ᠄
2025/4/3
     ᠬᠠᠩᠰᠢ      ᠬᠠᠩᠰᠢ ᠶᠢᠨ ᠡᠳᠦᠷ ᠢ ᠪᠠᠰᠠ ᠵᠤᠭᠠᠯᠠᠬᠤ ᠪᠠᠶᠠᠷ᠂ ᠬᠠᠩᠰᠢ ᠶᠢᠨ ᠡᠳᠦᠷ᠂ ᠭᠤᠷᠪᠠᠳᠤᠭᠠᠷ ᠰᠠᠷ᠎ᠠ ᠶᠢᠨ ᠪᠠᠶᠠᠷ᠂ ᠳᠡᠭᠡᠳᠦᠰ ᠢᠶᠠᠨ ᠲᠠᠬᠢᠬᠤ ᠡᠳᠦᠷ ᠵᠡᠷᠭᠡ ᠭᠡᠳᠡᠭ᠂  ᠬᠠᠩᠰᠢ ᠶᠢᠨ ᠡᠳᠦᠷ ᠪᠤᠯ ᠬᠠᠪᠤᠷ ᠤᠨ ᠲᠤᠮᠳᠠ ᠰᠠᠷ᠎ᠠ ᠪᠠ ᠬᠠᠪᠤᠷ ᠤᠨ ᠰᠡᠬᠦᠯᠴᠢ  ᠶᠢᠨ ᠠᠭᠤᠯᠵᠠᠷ ᠲᠤ ᠪᠠᠶᠢᠳᠠᠭ ᠃     ᠬᠠᠩᠰᠢ ᠶᠢᠨ ᠡᠳᠦᠷ ᠪᠣᠯ ᠡᠷᠲᠡᠨ ᠤ ᠦᠶ᠎ᠡ ᠶᠢᠨ ᠡᠪᠦᠭᠡ ᠳᠡᠭᠡᠳᠦᠰ ᠤᠨ ᠢᠲᠡᠭᠡᠯ ᠪᠢᠰᠢᠷᠡᠯ ᠪᠠ ᠬᠠᠪᠤᠷ ᠤᠨ ᠲᠠᠬᠢᠯᠭ᠎ᠠ ᠶᠢᠨ ᠵᠠᠩ ᠳᠠᠳᠬᠠᠯ ᠠᠴᠠ ᠢᠷᠡᠯᠲᠡ ᠲᠠᠢ᠂ ᠪᠠᠶᠢᠭᠠᠯᠢ ᠪᠠ ᠬᠥᠮᠦᠨ ᠰᠤᠶᠤᠯ ᠤᠨ ᠬᠤᠶᠠᠷ ᠶᠡᠭᠡ ᠠᠭᠤᠯᠤᠭᠳᠠᠬᠤᠨ ᠪᠠᠶᠢᠵᠤ᠂ ᠪᠠᠶᠢᠭᠠᠯᠢ ᠶᠢᠨ ᠴᠠᠭ ᠦᠶ᠎ᠡ ᠶᠢᠨ ᠴᠡᠭ ᠪᠣᠯᠬᠤ ᠪᠠᠷ ᠪᠠᠷᠠᠬᠤ ᠥᠬᠡᠶ᠂  ᠮᠦᠨ ᠴᠤ ᠤᠯᠠᠮᠵᠢᠯᠠᠯᠲᠤ ᠪᠠᠶᠠᠷ ᠤᠨ ᠡᠳᠦᠷ ᠪᠣᠯᠤᠨ᠎ᠠ᠃ ᠪᠤᠩᠬᠤᠨ ᠢ ᠱᠦᠭᠦᠷᠳᠡᠨ ᠲᠡᠭᠡᠳᠦᠰ ᠢᠶᠠᠨ ᠲᠠᠬᠢᠬᠤ ᠪᠠ ᠬᠦᠳᠡᠭᠡ ᠲᠡᠭᠦᠷᠭᠡ  ᠪᠠᠷ ᠵᠤᠭᠠᠯᠠᠬᠤ ᠬᠤᠶᠠᠷ ᠶᠡᠭᠡ ᠶᠤᠰᠤ ᠵᠠᠩᠰᠢᠯ ᠤᠨ ᠭᠤᠤᠯ ᠰᠡᠳᠤᠪ ᠮᠦᠨ᠂ ᠡᠨᠡ ᠬᠤᠶᠠᠷ ᠤᠯᠠᠮᠵᠢᠯᠠᠯᠳᠤ ᠶᠤᠰᠤ ᠵᠠᠩᠰᠢᠯ ᠤᠨ ᠭᠤᠤᠯ ᠰᠡᠳᠦᠪ  ᠨᠢ ᠲᠤᠮᠳᠠᠳᠤ ᠤᠯᠤᠰ ᠲᠤ  ᠡᠷᠳᠡᠨ ᠠᠴᠠ ᠪᠠᠨ  ᠤᠯᠠᠮᠵᠢᠯᠠᠭᠳᠠᠵᠤ᠂ ᠤᠳᠤ ᠪᠤᠯᠳᠠᠯ᠎ᠠ ᠲᠠᠰᠤᠷᠠᠯ ᠦᠬᠡᠢ ᠤᠯᠠᠮᠵᠢᠯᠠᠭᠳᠠᠵᠤ ᠪᠤᠢ᠃      ᠬᠠᠩᠰᠢ ᠶᠢᠨ ᠡᠳᠦᠷ ᠤᠨ ᠠᠮᠠᠷᠠᠯᠲᠠ ᠶᠢᠨ ᠬᠤᠭᠤᠴᠠᠭᠠᠨ ᠤ ᠲᠣᠬᠢᠷᠠᠭᠤᠯᠤᠯᠲᠠ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ 2025 ᠣᠨ ᠤ ᠬᠠᠩᠰᠢ ᠶᠢᠨ ᠡᠳᠦᠷ ᠠᠮᠠᠷᠠᠯᠲᠠ᠄ 4 ᠰᠠᠷ᠎ᠠ ᠶᠢᠨ 4 ᠤ ᠡᠳᠦᠷ ︵ᠭᠠᠷᠠᠭ ᠤᠨ ᠲᠠᠪᠤᠨ︶ ᠠᠴᠠ 6 ᠤ ᠡᠳᠦᠷ ︵ᠭᠠᠷᠠᠭ ᠤᠨ ᠡᠳᠦᠷ︶ ᠪᠣᠯᠲᠠᠯ᠎ᠠ ᠨᠡᠶᠢᠲᠡ 3 ᠡᠳᠦᠷ ᠴᠢᠯᠥᠭᠡ ᠲᠠᠯᠪᠢᠨ᠎ᠠ᠃      ᠪᠢᠳᠡ ᠲᠤᠤᠷ᠎ᠠ ᠨᠡᠬᠦᠷᠡᠰᠦᠳᠦ᠋ᠷᠦᠭᠴᠢᠳᠦ ᠂ ᠪᠤᠯᠪᠠᠰᠤᠨ᠂  ᠪᠤᠬᠢᠷᠳᠤᠯ ᠦᠬᠡᠢ ᠲᠠᠬᠢᠯᠭ᠎ᠠ ᠶᠢᠨ ᠠᠷᠭ᠎ᠠ ᠶᠢ  ᠰᠠᠨᠠᠭᠠᠴᠢᠯᠠᠶ᠎ᠠ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号