ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠦᠷᠦᠭᠦᠦ ᠤᠯᠠᠷᠢᠯ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/3
      3 ᠰᠠᠷ᠎ᠠ ᠶᠢᠨ 31 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠭᠰᠡᠨ ᠪᠠᠷᠠᠭ᠎ᠠ ᠶᠢᠨ ᠬᠡᠮᠵᠢᠶ᠎ᠡ 200 ᠲᠦᠮᠡᠨ ᠲᠣᠨ ᠢ ᠳᠠᠪᠠᠵᠤ᠂ 220.32 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.9% ᠪᠠᠷ ᠨᠡᠮᠡᠭᠳᠡᠵᠦ᠂ ᠲᠦᠷᠦᠭᠦᠤ ᠤᠯᠠᠷᠢᠯ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃      ᠡᠨᠡ ᠵᠢᠯ ᠠᠴᠠ ᠨᠠᠰᠢ᠂ ᠮᠠᠨᠳᠤᠯ ᠪᠣᠭᠤᠮᠲᠠ ᠪᠣᠭᠤᠮᠲᠠ ᠪᠠᠷ ᠥᠩᠭᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠬᠦᠢᠴᠡᠳᠬᠡᠬᠦ ᠶᠢ ᠢᠳᠡᠪᠬᠢᠲᠡᠶ ᠠᠬᠢᠭᠤᠯᠵᠤ᠂ ᠲᠥᠷᠥᠯ ᠵᠦᠢᠯ ᠤᠨ ᠲᠠᠷᠠᠭᠠᠴᠢ ᠶᠢᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃      ᠰᠢᠨ᠎ᠡ ᠡᠬᠢᠯᠡᠯᠳᠡ ᠪᠠᠷ ᠰᠢᠨ᠎ᠡ ᠬᠥᠭᠵᠢᠯᠲᠡ ᠶᠢ ᠲᠥᠯᠥᠪᠵᠢᠯᠡᠭᠦᠯᠥᠶ᠎ᠡ᠃ 2025 ᠣᠨ ᠳᠤ ᠮᠠᠨᠳᠤᠯ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ ᠦᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠩ ᠤᠯᠠᠨ ᠠᠵᠤ ᠠᠬᠤᠶᠢᠯᠠᠯ ᠳᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠵᠤ᠂ ᠪᠣᠭᠤᠮᠲᠠ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号