4 ᠰᠠᠷ᠎ᠠ ᠶᠢᠨ 2 ᠤᠨ ᠡᠳᠦᠷ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠲᠤᠬᠠᠭᠠᠯᠭ᠎ᠠ | ᠪᠠᠯᠭᠠᠰᠤᠨ ᠤ ᠴᠢᠯᠦᠭᠡᠯᠡᠯᠲᠡ ᠵᠡᠭᠡᠯᠢ ᠨᠡᠶᠢᠭᠡᠮ ᠲᠣᠭᠤᠷᠢᠭ ᠤᠨ ᠬᠤᠷᠠᠯ ᠤᠨ ᠭᠡᠷ ᠳᠣᠲᠣᠷ᠎ᠠ ᠠᠭᠤᠷ ᠠᠮᠢᠰᠬᠤᠯ ᠬᠦᠷ | ᠬᠥᠭᠵᠢᠶᠡᠨ ᠢᠶᠠᠷ ᠪᠢᠯᠬᠠᠵᠤ᠂ ᠬᠤᠭᠤᠰᠣᠨ ᠰᠠᠭᠤᠳᠠᠯ ᠦᠭᠡᠢ ᠪᠠᠶᠢᠯ᠎ᠠ᠂ ᠪᠤᠭᠤᠲᠤ ᠬᠤᠳᠠ ᠶᠢᠨ ︽ᠰᠢᠨ᠎ᠡ ᠦᠵᠡᠯ | ᠰᠠᠨᠠᠭ᠎ᠠ · ᠵᠠᠯᠠᠭᠤᠴᠤᠳ ᠬᠡᠯᠡᠬᠦ︾ ᠤᠨᠤᠯ ᠤᠨ ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ ᠤᠨ ᠤᠯᠠᠨ | ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠡᠶᠢᠭᠡᠮ ᠲᠣᠭᠤᠷᠢᠭ ᠲᠤ ᠬᠦᠷᠴᠦ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ | ᠦᠨᠳᠦᠰᠦᠨ ᠱᠠᠲᠤᠨ ᠤ ᠤᠯᠠᠨ ᠲᠦᠮᠡᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠤᠨᠤᠯ ᠤᠨ ᠤᠬᠠᠭᠤᠯᠤᠨ | ᠲᠠᠶᠢᠯᠪᠤᠷᠢᠯᠠᠯᠲᠠ ᠶᠢ ᠠᠪᠴᠢᠷᠠᠭᠰᠠᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠠᠮᠢᠳᠥ ᠳᠥᠷᠰᠦᠯᠢᠭ | ᠬᠡᠯᠡ ᠬᠡᠯᠡᠯᠡᠭᠡ᠂ ᠠᠮᠢᠳᠤᠯᠢᠭ ᠬᠡᠷᠡᠭ ᠤᠨ ᠵᠢᠱᠢᠶ᠎ᠡ ᠪᠠᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠤᠨ | ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠤᠯᠠᠨ ᠲᠦᠮᠡᠨ ᠤ ᠰᠡᠳᠬᠢᠯ ᠳᠤ ᠳᠠᠮᠵᠢᠭᠤᠯᠵᠤ᠂ ᠦᠨᠳᠦᠰᠦᠲᠡᠨ ᠤ | ᠪᠦᠯᠬᠦᠮᠳᠡᠯ ᠤᠨ ᠤᠢᠢᠯᠠᠭᠠᠭᠳᠠᠬᠤᠨ ᠢ ᠬᠢᠯᠢ ᠬᠢᠵᠠᠭᠠᠷ ᠣᠷᠣᠨ ᠤ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ | ᠬᠦᠴᠦᠲᠡᠢ ᠠᠬᠢᠭᠤᠯᠪᠠ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠠᠪᠤᠨ ᠪᠦᠷᠢᠯᠳᠦᠬᠦᠨ | ᠬᠡᠰᠢᠭᠦᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠡᠦᠬᠡ ᠶᠢᠨ ᠰᠤᠳᠠᠰᠤ᠂ ᠰᠣᠶᠣᠯ ᠤᠨ ᠤᠯᠠᠮᠵᠢᠯᠠᠯ᠂ ᠪᠣᠳᠠᠲᠤ ᠠᠴᠢ ᠬᠤᠯᠪᠣᠭᠳᠠᠯ ᠵᠡᠷᠭᠡ | ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠭᠦᠨᠵᠡᠭᠡᠢ ᠠᠭᠤᠯᠤᠭᠳᠠᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠭᠡᠰᠢᠭᠦᠨ ᠵᠠᠩ ᠯᠦ ᠶᠤᠸᠠᠨ ︽ᠭᠡᠷᠡᠯ ᠵᠢᠷᠤᠭ ᠲᠠᠬᠢ ᠠᠮᠢᠳᠤᠷᠠᠯ ᠤᠨ ᠬᠤᠪᠢᠷᠠᠯᠲᠠ︾ ᠪᠠᠷ ᠲᠤᠬᠠᠢ ᠶᠢᠨ | ᠲᠠᠯᠠᠪᠠᠢ ᠶᠢᠨ ᠤᠯᠠᠨ ᠲᠦᠮᠡᠨ ᠢ ᠳᠠᠭᠠᠭᠤᠯᠤᠨ ᠠᠮᠢᠳᠤᠷᠠᠯ ᠤᠨ ᠬᠤᠪᠢᠷᠠᠯᠲᠠ ᠠᠴᠠ ᠦᠨᠳᠦᠰᠦᠲᠡᠨ ᠤ | ᠪᠦᠯᠬᠦᠮᠳᠡᠯ ᠤᠨ ᠭᠦᠨ ᠵᠤᠵᠠᠭᠠᠨ ᠰᠠᠭᠤᠷᠢ ᠶᠢ ᠮᠡᠳᠡᠷᠡᠭᠦᠯᠵᠥ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠢᠯᠢᠳᠡᠭ ᠤᠯᠠᠮᠵᠢᠯᠠᠯ ᠢ ᠢᠯᠡᠷᠡᠭᠦᠯᠪᠡ︔ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠠᠴᠠ ᠢᠷᠡᠭᠰᠡᠨ ᠦᠨᠳᠦᠰᠦᠨ ᠱᠠᠲᠤᠨ ᠤ ᠤᠬᠠᠭᠤᠯᠤᠨ | ᠲᠠᠶᠢᠯᠪᠤᠷᠢᠯᠠᠬᠤ ᠭᠤᠣᠯᠯᠠᠭᠴᠢ ᠬᠦᠴᠦᠨ ᠵᠠᠩ ᠵᠢᠩ ᠵᠢᠩ ︽ᠪᠠᠲᠤᠬᠠᠭᠠᠯᠭ᠎ᠠ ᠶᠢᠨ ᠪᠣᠰᠤᠯᠭ᠎ᠠ ᠳᠤ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠲᠠᠷᠠᠵᠤ ᠶᠠᠫᠣᠨ ᠢ ᠡᠰᠡᠷᠭᠦᠴᠡᠭᠰᠡᠨ ᠢ | ᠲᠡᠮᠳᠡᠭᠯᠡᠶ᠎ᠡ︾ ᠭᠡᠬᠦ ᠰᠡᠳᠦᠪ ᠢᠶᠠᠷ ᠲᠤᠰ ᠭᠠᠵᠠᠷ ᠣᠷᠣᠨ ᠤ ᠲᠡᠦᠬᠡᠨ ᠳᠠᠬᠢ ᠦᠨᠳᠦᠰᠦᠲᠡᠨ ᠤ ᠪᠦᠯᠬᠦᠮᠳᠡᠯ ᠤᠨ | ᠦᠯᠢᠭᠡᠷ ᠢ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠤ ᠴᠢᠩᠭ᠎ᠠ ᠴᠤᠤᠷᠢᠶᠠᠲᠤᠯ ᠢ ᠤᠯᠪᠠ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠪᠠᠰᠠ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ | ᠥᠷᠢᠰᠥᠯᠳᠦᠭᠡᠨ ᠬᠢᠵᠦ᠂ ᠨᠡᠶᠢᠭᠡᠮ ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠢ ᠠᠭᠤᠵᠢᠭᠤ ᠲᠠᠯᠪᠢᠭᠤ ᠠᠭᠤᠷ | ᠠᠮᠢᠰᠬᠤᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠬᠠᠶ ᠣᠶᠢᠯᠠᠭᠠᠯᠲᠠ ᠶᠢ ᠨᠢ ᠭᠦᠨᠵᠡᠭᠡᠶᠢᠷᠡᠭᠦᠯᠪᠡ᠃ ᠵᠠᠩ ᠯᠦ ᠶᠤᠸᠠᠨ᠄ ︽ᠤᠬᠠᠭᠤᠯᠤᠨ | ᠲᠠᠶᠢᠯᠪᠤᠷᠢᠯᠠᠬᠤ ᠪᠠᠷ ᠳᠠᠮᠵᠢᠨ ᠭᠤᠣᠯᠳᠠᠭᠤ ᠨᠠᠮ ᠤᠨ ᠰᠢᠨ᠎ᠡ ᠶᠢ ᠡᠭᠦᠳᠬᠦ ᠤᠨᠤᠯ ᠪᠣᠯᠤᠨ ᠡᠩ ᠤᠨ ᠰᠠᠭᠤᠭᠠᠯᠢ | ᠠᠷᠠᠳ ᠤᠨ ᠬᠠᠷᠢᠴᠠᠭ᠎ᠠ ᠶᠢ ᠣᠶᠢᠷᠠᠲᠤᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ | ᠬᠦᠷᠭᠡᠬᠦ ᠶᠢ ᠬᠦᠰᠡᠵᠦ᠂ ᠤᠯᠠᠨ ᠳᠤ ᠨᠠᠮ ᠤᠨ ᠰᠢᠨ᠎ᠡ ᠶᠢ ᠡᠭᠦᠳᠬᠦ ᠤᠨᠤᠯ ᠪᠢᠳᠡᠨ ᠠᠴᠠ ᠬᠤᠯᠠ ᠦᠭᠡᠢ ᠪᠠᠶᠢᠬᠤ ᠶᠢ | ᠦᠨᠡᠨ ᠬᠦ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢᠨ ᠭᠦᠨᠵᠡᠭᠡᠢ ᠠᠭᠤᠯᠤᠭᠳᠠᠬᠤᠨ ᠢ ᠨᠡᠩ ᠢᠯᠡᠭᠦᠦ ᠲᠠᠨᠢᠵᠤ ᠣᠯᠤᠶ᠎ᠠ︾ ᠭᠡᠵᠦ ᠬᠡᠯᠡᠪᠡ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠣᠯ ᠨᠢᠭᠡ ᠤᠳᠠᠭᠠᠨ ᠤ ᠣᠨᠣᠯ ᠤᠨ ᠳᠠᠮᠵᠢᠭᠤᠯᠭ᠎ᠠ | ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ | ᠦᠢᠯᠡᠳᠦᠯᠭᠡ ᠪᠠᠶᠢᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ | ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ ᠰᠤᠷᠤᠯᠴᠠᠯᠭ᠎ᠠ ᠶᠢᠨ ᠲᠥᠯᠥᠭᠡᠯᠡᠭᠴᠢ ᠸᠠᠩ ᠯᠦᠩ | ᠵᠢᠶᠠ ᠠᠴᠠ᠄ ︽ᠡᠨᠡ ᠤᠳᠠᠭᠠᠨ ᠤ ᠬᠢᠴᠢᠶᠡᠯ ᠨᠢ ᠨᠠᠮᠠᠶᠢ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ﹀ ᠶᠢᠨ ᠠᠭᠤᠯᠤᠭᠳᠠᠬᠤᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃ ᠡᠯ᠎ᠡ ᠪᠠᠭᠰᠢ ᠶᠢᠨ ᠠᠮᠢᠳᠤᠯᠢᠭ | ᠬᠡᠷᠡᠭ ᠤᠨ ᠵᠢᠱᠢᠶ᠎ᠡ ᠪᠠ ᠤᠨᠤᠯ ᠤᠨ ᠵᠠᠳᠠᠯᠤᠯᠲᠠ ᠪᠠᠷ ᠳᠠᠮᠵᠢᠨ᠂ ᠪᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠨᠢ ᠲᠡᠦᠬᠡ ᠶᠢᠨ ᠬᠤᠷᠠᠮᠳᠤᠯ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠤᠶᠤᠨ | ᠰᠠᠨᠠᠭᠠᠨ ᠤ ᠬᠤᠯᠪᠣᠭᠠᠰᠤ ᠪᠣᠯᠬᠤ ᠶᠢ ᠦᠨᠡᠨ ᠬᠦ ᠤᠬᠠᠭᠠᠷᠠᠪᠠ᠃ ᠬᠤᠶᠢᠰᠢᠳᠠ᠂ ᠪᠢ ᠰᠣᠷᠣᠭᠰᠠᠨ ᠮᠡᠳᠡᠯᠭᠡ ᠪᠠᠨ | ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ | ᠭᠡᠪᠡ᠃ |