ᠰᠠᠶᠢᠨ ᠤᠤ ᠂ ᠬᠤᠷᠰᠢᠭᠴᠢ︕ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025 ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ︾  ᠤ ᠬᠤᠯᠪᠣᠭᠠᠲᠤ ᠤᠷᠤᠯᠳᠤᠭᠠᠨ ᠬᠥᠷ ᠬᠥᠭᠵᠢᠶᠡᠨ ᠲᠠᠢ ᠬᠤᠳᠠᠯᠳᠤᠭᠠᠴᠢᠨ ᠤᠷᠢᠵᠤ ᠪᠠᠶᠢᠨ᠎ᠠ
ᠨᠡᠶᠢᠲᠡᠯᠡᠭᠰᠡᠨ ᠴᠠᠭ᠄
2025/4/3
      ᠥᠪᠥᠷ ᠮᠣᠩᠭᠤᠯ ᠤᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠮᠣᠩᠭᠤᠯ ᠮᠣᠷᠢᠨ ᠤ ᠨᠤᠲᠤᠭ᠂ ︽ᠦᠷᠯᠦᠭ ᠪᠠᠭᠠᠳᠤᠷ ᠤᠨ ᠠᠬᠳᠠ ᠳᠤ ᠮᠤᠷᠳᠠᠭᠰᠠᠨ ᠭᠠᠵᠠᠷ︾ ᠪᠣᠯᠤᠭᠰᠠᠨ ᠤ ᠬᠤᠪᠢ ᠳᠤ᠂ ᠠᠳᠤᠭᠤᠨ ᠤ ᠰᠣᠶᠣᠯ ᠥᠨᠢ ᠤᠳᠠᠭᠠᠨ ᠲᠡᠦᠬᠡ ᠲᠠᠢ᠂ ᠠᠳᠤᠭᠤᠨ ᠤ ᠠᠵᠤ ᠦᠢᠯᠡᠰ ᠤᠨ ᠬᠥᠳᠡᠯᠭᠡᠬᠦ ᠬᠦᠴᠦᠨ ᠲᠡᠭᠦᠯᠳᠡᠷ ᠪᠠᠶᠢᠳᠠᠭ᠃      ︽ᠮᠣᠩᠭᠤᠯ ᠠᠳᠤᠭᠤᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠠᠳᠤᠭᠤᠨ ᠤ ᠠᠵᠤ ᠦᠢᠯᠡᠰ︾ ᠤᠨ ᠨᠠᠷᠠᠲᠤ ᠲᠡᠮᠳᠡᠭᠲᠦ ᠶᠢ ᠡᠭᠦᠳᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ 2024 ᠣᠨ ᠳᠤ ︽ᠪᠡᠶ᠎ᠡ ᠲᠠᠮᠢᠷ + ᠵᠢᠭᠤᠯᠴᠢᠯᠠᠯ︾ ᠤᠨ ᠬᠥᠭᠵᠢᠯᠲᠡ ᠶᠢᠨ ᠮᠣᠳᠧᠯ ᠢ ᠬᠦᠴᠦᠯᠡᠨ ᠡᠭᠦᠳᠴᠦ᠂ ᠥᠪᠡᠷ ᠤᠨ ᠪᠡᠶ᠎ᠡ ᠪᠠᠨ ᠳᠠᠭᠠᠭᠠᠭᠰᠠᠨ IP — —   — ᠮᠣᠷᠢ ᠤᠷᠤᠯᠳᠤᠬᠤ ︽ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ︾ ᠢ ᠡᠭᠦᠳᠪᠡ᠃ ᠡᠨᠡ ᠤᠳᠠᠭᠠᠨ‌‍ᠤ ᠦᠪᠡᠳᠡᠭᠰᠢ ᠴᠤᠭᠯᠠᠭᠠᠨ ᠨᠢ ᠨᠡᠭᠦᠳᠡᠯ ᠦᠨᠳᠦᠰᠦᠲᠡᠨ ᠤ ᠡᠷᠡᠯᠬᠡᠭ ᠪᠠᠭᠠᠲᠤᠷᠯᠢᠭ ᠪᠠ ᠣᠶᠤᠨ ᠤᠬᠠᠭᠠᠨ‌ᠢ ᠤᠯᠠᠮᠵᠢᠯᠠᠨ ᠵᠠᠯᠭᠠᠮᠵᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠳᠡᠭᠦᠯᠢᠨ ᠳᠠᠪᠬᠢᠭᠰᠠᠨ ᠲᠤᠭᠤᠷᠠᠶᠢᠲᠤ ᠲᠠᠭᠤᠨ ᠢᠶᠠᠷ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠰᠢᠨ᠎ᠡ ᠬᠠᠭᠤᠳᠠᠰᠤ ᠶᠢ ᠪᠢᠴᠢᠭᠯᠡᠵᠦ᠂ ᠤᠯᠠᠮᠵᠢᠯᠠᠯᠲᠤ ᠪᠠ ᠤᠳᠤ ᠦᠶ᠎ᠡ ᠶᠢ ᠬᠤᠯᠪᠣᠭᠰᠠᠨ ᠲᠠᠯ᠎ᠠ ᠨᠤᠲᠤᠭ ᠤᠨ ᠪᠠᠶᠠᠷ ᠪᠠᠭ᠋ᠠᠳᠤᠯ ᠪᠣᠯᠤᠭᠰᠠᠨ ᠪᠠᠶᠢᠨ᠎ᠠ᠃      2025 ᠣᠨ ᠳᠤ᠂ ᠪᠦᠬᠦ ᠵᠢᠯ ᠳᠤ 13 ᠲᠣᠮᠣ ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ᠂ ᠨᠢᠭᠡ ᠤᠳᠠᠭ᠎ᠠ ᠨᠢᠭᠡ ᠤᠳᠠᠭᠠᠨ ᠤ ᠠᠭᠤᠰᠤᠯᠴᠠᠯ ᠤᠨ ᠬᠥᠳᠡᠯᠭᠡᠭᠡᠨ᠂ ᠤᠯᠠᠮᠵᠢᠯᠠᠯ᠂ ᠴᠠᠭ ᠤᠨ ᠥᠩᠭᠡ᠂ ᠤᠷᠤᠰᠬᠠᠯ᠂ ᠬᠡᠷᠡᠭᠯᠡᠭᠡᠨ ᠤ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠤᠳᠠᠯ ᠦᠭᠡᠢ ᠲᠣᠳᠣᠷᠠᠬᠤ ᠪᠠᠷ ᠲᠥᠯᠥᠪᠯᠡᠵᠦ ᠪᠠᠶᠢᠨ᠎ᠠ︕︽ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ︾ ᠵᠦᠪᠬᠡᠨ ᠤᠷᠤᠯᠳᠤᠭᠠᠨ ᠢᠶᠠᠷ ᠵᠣᠭᠰᠣᠬᠤ ᠦᠭᠡᠢ ᠨᠡᠩ ᠴᠦ ᠠᠮᠢᠳᠤᠷᠠᠯ ᠤᠨ ᠣᠪᠣᠷ᠂ ᠬᠡᠷᠡᠭᠯᠡᠭᠡᠨ ᠤ ᠬᠥᠳᠡᠯᠭᠡᠭᠦᠷ᠃ ᠤᠷᠤᠯᠳᠤᠭᠠᠨ ᠤ ᠲᠦᠷᠦᠯ ᠲᠡᠮᠳᠡᠭ᠂ ᠤᠷᠤᠰᠬᠠᠯ ᠤᠨ ᠲᠦᠷᠦᠯ ᠲᠡᠮᠳᠡᠭ ᠭᠡᠰᠡᠨ ᠦᠭᠡᠢ᠂ ᠪᠠᠰᠠ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠡᠭᠦᠳᠦᠯᠲᠡ᠂ ᠢᠳᠡᠭᠡᠨ ᠤᠮᠳᠠᠭᠠᠨ᠂ ᠬᠡᠭᠡᠷ᠎ᠡ ᠪᠠᠭᠤᠳᠠᠯᠯᠠᠬᠤ᠂ ᠡᠷᠡᠭᠦᠯ ᠮᠡᠨᠳᠦ᠂ ᠣᠶᠤᠨᠴᠢ ᠲᠣᠨᠣᠭᠯᠠᠯ ᠵᠡᠷᠭᠡ ᠤᠯᠠᠨ ᠬᠦᠷᠢᠶᠡᠨ ᠤ ᠠᠵᠤ ᠠᠬᠤᠶᠢᠯᠠᠯ ᠪᠣᠯᠤᠨ᠎ᠠ᠂ ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ︾ ᠤ ᠬᠤᠭᠤᠴᠠᠭᠠᠨ ᠳᠤ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠴᠤᠭᠯᠠᠷᠠᠵᠤ᠂ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠬᠠᠯᠠᠭᠤᠨ ᠥᠷᠨᠢᠯᠲᠡ ᠶᠢ ᠬᠠᠮᠲᠤ ᠪᠠᠷ ᠪᠤᠢ ᠪᠣᠯᠭᠠᠬᠤ ᠪᠣᠯᠤᠨ᠎ᠠ᠃      ᠪᠠᠲᠤᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠥᠪᠥᠷ ᠮᠣᠩᠭᠤᠯ ᠤᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ᠂ ᠡᠬᠢ ᠪᠠᠶᠠᠯᠢᠭ ᠡᠯᠪᠡᠭ ᠪᠠᠶᠢᠵᠤ᠂ ᠡᠵᠡᠯᠡᠬᠦ ᠲᠠᠯᠠᠪᠠᠶ ᠨᠢ 260000 ᠲᠡᠭᠰᠢ ᠳᠥᠷᠪᠡᠯᠵᠢᠨ ᠮᠧᠲᠷ ᠪᠠᠶᠢᠵᠤ᠂ ᠲᠡᠷᠢᠭᠦᠯᠡᠭᠴᠢ ᠶᠢᠨ ᠲᠠᠶᠢᠰᠠ᠂ ᠶᠣᠰᠣᠯᠠᠯ ᠤᠨ ᠲᠠᠪᠴᠠᠩ ᠪᠠᠶᠢᠭᠤᠯᠵᠤ᠂ 9 ᠦᠨᠳᠦᠰᠦᠲᠡᠨ ᠤ ᠣᠨᠴᠠᠯᠢᠭ ᠢ ᠢᠯᠡᠷᠡᠭᠦᠯᠦᠭᠰᠡᠨ ᠰᠦᠯᠳᠡ ᠪᠠᠶᠢᠵᠤ᠂ ᠲᠤᠭ ᠮᠠᠨᠳᠤᠭᠤᠯᠬᠤ ᠲᠠᠪᠴᠠᠩ 3 ᠰᠠᠭᠤᠷᠢ ᠪᠠᠶᠢᠬᠤ ᠶᠢᠨ ᠬᠠᠮᠲᠤ 11000 ᠦᠵᠡᠭᠴᠢᠳ ᠢ ᠪᠠᠭᠲᠠᠭᠠᠵᠤ᠂ ᠣᠳᠣᠬᠠᠨ ᠳᠤ ᠪᠣᠯᠲᠠᠯ᠎ᠠ ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠨᠠᠭᠠᠳᠤᠮ ᠤᠨ ᠬᠤᠷᠠᠯ ᠤᠨ ᠲᠠᠯᠠᠪᠠᠶ ᠪᠠᠶᠢᠵᠤ᠂ ᠤᠷᠲᠤ ᠨᠢ 1600 ᠮᠧᠲᠷ᠂ ᠥᠷᠭᠡᠨ ᠨᠢ 30 ᠮᠧᠲᠷ ᠪᠤᠯᠬᠤ ᠣᠯᠠᠨ ᠤᠯᠤᠰ ᠤᠨ ᠪᠠᠷᠢᠮᠵᠢᠶᠠᠲᠤ ᠮᠣᠷᠢᠨ ᠤᠷᠤᠯᠳᠤᠭᠠᠨ ᠤ ᠵᠠᠮ ᠪᠣᠯᠤᠨ᠎ᠠ᠃ ᠣᠲᠣ ᠪᠥᠬᠦ ᠤᠯᠤᠰ ᠲᠤ ᠬᠠᠨᠳᠤᠭᠤᠯᠤᠨ ᠴᠢᠨᠠᠷ ᠰᠠᠶᠢᠲᠠᠶ ᠡᠵᠡᠩᠨᠡᠯᠲᠡ ᠶᠢᠨ ᠬᠠᠮᠲᠤᠷᠠᠯᠴᠠᠭᠠᠨ ᠤ ᠬᠠᠨᠢᠲᠠᠨ ᠢᠯᠡ ᠪᠠᠷ ᠡᠯᠰᠡᠵᠦ᠂ ᠳᠥᠷᠪᠡᠨ ᠶᠡᠭᠡ ᠭᠤᠤᠯ ᠬᠡᠰᠡᠭ ᠢ ᠬᠠᠮᠲᠤ ᠪᠠᠷ ᠨᠡᠭᠡᠭᠡᠨ ᠬᠥᠭᠵᠢᠭᠦᠯᠵᠦ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠨ᠎ᠡ᠃ᠭᠤᠣᠯᠳᠠᠯᠭ᠎ᠠ ᠲᠠᠢ ᠵᠦᠢᠯ      1.ᠮᠣᠷᠢ ᠤᠷᠤᠯᠳᠤᠬᠤ ︽ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ︾ ᠤ ᠬᠠᠮᠲᠤᠷᠠᠨ ᠠᠵᠢᠯᠯᠠᠬᠤ      ᠲᠥᠷᠥᠯ ᠵᠦᠢᠯ ᠤᠨ ᠪᠠᠶᠢᠷᠢ ᠲᠣᠭᠲᠠᠭᠠᠯᠲᠠ᠄ ᠮᠣᠷᠢᠨ ᠤᠷᠤᠯᠳᠤᠭᠠᠨ ᠤ ᠲᠣᠰᠬᠤᠨ ᠢ ᠳᠠᠪᠠᠭ᠋ᠤ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠠᠳᠤᠭᠤ ᠲᠡᠵᠢᠭᠡᠬᠦ᠂ ᠠᠳᠤᠭᠤ ᠪᠤᠶᠢᠵᠢᠭᠤᠯᠬᠤ᠂ ᠠᠳᠤᠭᠤᠨ ᠰᠣᠶᠣᠯ ᠵᠢᠭᠤᠯᠴᠢᠯᠠᠯ ᠵᠢᠴᠢ ᠲᠡᠭᠦᠨ ᠤ ᠤᠷᠲᠤᠳᠬᠠᠭᠰᠠᠨ ᠠᠵᠤ ᠦᠢᠯᠡᠰ ᠢ ᠠᠭᠤᠳᠠᠯᠤᠨ ᠳᠡᠭᠡᠭᠰᠢᠯᠡᠭᠦᠯᠵᠦ᠂ ᠠᠳᠤᠭᠤᠨ ᠤ ᠠᠵᠤ ᠦᠢᠯᠡᠰ ᠢ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠭᠠᠵᠤ᠂ ᠤᠮᠠᠷᠠᠲᠤ ᠶᠢᠨ ᠲᠠᠯ᠎ᠠ ᠨᠤᠲᠤᠭ ᠤᠨ ᠣᠨᠴᠠᠯᠢᠭᠲᠤ ᠮᠣᠷᠢᠨ ᠤᠷᠤᠯᠳᠤᠭᠠᠨ ᠤ IP ᠢ ᠪᠣᠶ ᠪᠣᠯᠭᠠᠵᠤ᠂ ᠤᠯᠠᠮᠵᠢᠯᠠᠯᠲᠤ ᠨᠠᠭᠠᠳᠤᠮ ᠤᠨ ᠰᠣᠶᠣᠯ ᠪᠠ ᠣᠲᠣ ᠦᠶ᠎ᠡ ᠶᠢᠨ ᠪᠡᠶ᠎ᠡ ᠲᠠᠮᠢᠷ ᠤᠨ ᠤᠷᠤᠯᠳᠤᠭᠠᠨ ᠢ ᠠᠭᠤᠰᠤᠯᠴᠠᠭᠤᠯᠤᠨ᠎ᠠ᠃      ᠲᠥᠷᠥᠯ ᠵᠦᠢᠯ ᠤᠨ ᠲᠦᠢᠮᠣ ᠪᠠᠶᠢᠳᠠᠯ᠄ 2024 ᠣᠨ ᠳᠤ ᠮᠣᠷᠢᠨ ᠤᠷᠤᠯᠳᠤᠭᠠᠨ ᠤ ᠬᠥᠳᠡᠭᠡ ᠲᠣᠰᠬᠤᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠨᠡᠶᠢᠲᠡ 10 ᠲᠠᠯᠠᠪᠤᠷ ᠤᠷᠤᠯᠳᠤᠭᠠᠨ ᠡᠷᠭᠢᠯᠡᠵᠦ᠂ 5 ᠡᠳᠦᠷ ᠳᠠᠷᠠᠭᠠᠯᠠᠨ ᠲᠥᠪ ᠤᠨ ᠵᠠᠭᠤᠴᠢᠯᠠᠭᠤᠷ ᠢᠶᠠᠷ ᠮᠡᠳᠡᠭᠡᠯᠡᠭᠳᠡᠵᠦ᠂ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠯ ᠤᠨ ᠰᠢᠨ᠎ᠡ  ᠮᠣᠳᠧᠯ ᠢ ᠠᠮᠵᠢᠯᠲᠠ ᠲᠠᠢ ᠪᠠᠷ ᠪᠣᠶ ᠪᠣᠯᠭᠠᠪᠠ᠃ 2025 ᠣᠨ ᠳᠤ ᠵᠢᠱᠢᠯᠲᠡ ᠪᠠᠷ 13 ᠲᠠᠯᠠᠪᠤᠷ ᠤᠷᠤᠯᠳᠤᠭᠠᠨ ᠡᠷᠭᠢᠯᠡᠵᠦ᠂ ᠤᠷᠤᠯᠳᠤᠭᠠᠨ ᠤ ᠤᠷᠤᠰᠬᠠᠯ ᠤᠨ ᠬᠡᠮᠵᠢᠶ᠎ᠡ ᠪᠠᠷ ᠳᠠᠮᠵᠢᠭᠤᠯᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠨᠡᠮᠡᠭᠳᠡᠯ ᠢ ᠠᠪᠴᠢᠷᠠᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ  ᠳᠣᠯᠭᠢᠶᠠᠨᠲᠠᠢ ᠬᠥᠳᠡᠯᠭᠡᠬᠦ ᠬᠦᠴᠦᠨ ᠨᠡᠮᠡᠷᠢᠯᠡᠨ᠎ᠡ᠃      ᠬᠤᠷᠰᠢᠯ ᠤᠨ ᠠᠭᠤᠯᠭ᠎ᠠ᠄ ᠤᠷᠤᠯᠳᠤᠭᠠᠨ ᠤ ᠠᠵᠢᠯᠯᠠᠭ᠎ᠠ ᠶᠢ ᠲᠦᠰᠦᠪᠯᠡᠨ ᠬᠡᠷᠡᠭᠵᠢᠭᠦᠯᠬᠦ᠂ ᠨᠠᠷᠠᠲᠤ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ᠂ ᠮᠣᠷᠢᠨ ᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠂ ᠮᠣᠷᠢᠨ ᠮᠡᠷᠭᠡᠵᠢᠯ ᠤᠨ ᠲᠣᠭᠯᠠᠯᠲᠠ᠂ ᠪᠠᠯᠠ ᠮᠥᠩᠭᠦ ᠭᠠᠷᠭᠠᠵᠤ ᠣᠷᠣᠯᠠᠨ ᠡᠵᠡᠩᠨᠡᠬᠦ᠂ ᠬᠤᠳᠠᠯᠳᠤᠭᠠᠨ ᠤ ᠨᠡᠭᠡᠭᠡᠯᠲᠡ ︵ᠳᠡᠮᠵᠢᠯᠭᠡ᠂ ᠡᠭᠦᠳᠡᠨ ᠪᠢᠯᠧᠲ᠂ ᠡᠭᠦᠰᠦᠮᠡᠯ ᠪᠣᠳᠠᠰ ᠵᠡᠷᠭᠡ︶᠃     ᠬᠡᠷᠡᠭᠴᠡᠭᠡ ᠱᠠᠭᠠᠷᠳᠠᠯᠭ᠎ᠠ ᠶᠢᠨ ᠪᠦᠯᠬᠦᠮ᠄ ᠲᠣᠮᠣ ᠬᠡᠯᠪᠡᠷᠢ ᠶᠢᠨ ᠤᠷᠤᠯᠳᠤᠭᠠᠨ ᠤ ᠡᠵᠡᠩᠨᠡᠯᠲᠡ ᠶᠢᠨ ᠲᠤᠷᠰᠢᠯᠭ᠎ᠠ᠂ ᠮᠣᠷᠢᠨ ᠮᠡᠷᠭᠡᠵᠢᠯ ᠤᠨ ᠡᠬᠢ ᠪᠠᠶᠠᠯᠢᠭ ᠵᠢᠴᠢ ᠵᠠᠬ᠎ᠠ ᠳᠡᠯᠭᠡᠭᠦᠷᠴᠢᠯᠡᠯᠲᠡ ᠠᠵᠢᠯᠯᠠᠭᠤᠯᠬᠤ ᠴᠢᠳᠠᠪᠤᠷᠢ ᠶᠢ ᠪᠦᠷᠢᠳᠦᠭᠦᠯᠦᠭᠰᠡᠨ ᠪᠦᠯᠬᠦᠮ ᠨᠡᠶᠢᠲᠡ᠃      2.ᠮᠤᠲ᠋ᠤᠷ ᠲᠡᠷᠭᠡ / ᠬᠡᠭᠡᠷ᠎ᠡ ᠠᠶᠠᠯᠠᠬᠤ ᠮᠠᠰᠢᠨ ᠲᠡᠷᠭᠡ ᠶᠢᠨ ᠤᠷᠤᠯᠳᠤᠬᠤ ᠵᠠᠮ ᠤᠨ ᠡᠵᠡᠩᠨᠡᠯᠲᠡ      ᠲᠥᠷᠥᠯ ᠵᠦᠢᠯ ᠤᠨ ᠪᠠᠢᠷᠢ ᠲᠣᠭᠲᠠᠭᠠᠯᠲᠠ᠄ ᠲᠤᠰᠬᠠᠶᠢᠵᠢᠭᠰᠠᠨ ᠮᠠᠰᠢᠨ ᠲᠡᠷᠭᠡᠨ ᠤ ᠬᠥᠳᠡᠯᠭᠡᠭᠡᠨ ᠤ ᠰᠠᠭᠤᠷᠢᠨ ᠭᠠᠵᠠᠷ ᠢ ᠪᠦᠲᠦᠭᠡᠨ ᠪᠠᠢᠭᠤᠯᠵᠤ ᠤᠷᠤᠯᠳᠤᠭᠠᠨ᠂ ᠪᠣᠯᠪᠠᠰᠤᠷᠠᠯ ᠵᠢᠴᠢ ᠪᠡᠶᠡᠳᠡᠨ ᠣᠢᠯᠠᠭᠠᠬᠤ ᠠᠵᠢᠯᠯᠠᠭ᠎ᠠ ᠶᠢ ᠳᠠᠭᠠᠭᠠᠨ ᠠᠪᠤᠨ᠎ᠠ᠃      ᠲᠥᠷᠥᠯ ᠵᠦᠢᠯ ᠤᠨ ᠲᠦᠢᠮᠣ ᠪᠠᠶᠢᠳᠠᠯ᠄ ᠤᠷᠤᠯᠳᠤᠭᠠᠨ ᠤ ᠵᠠᠮ ᠤᠨ ᠡᠵᠡᠯᠡᠬᠦ ᠲᠠᠯᠠᠪᠠᠶ ᠨᠢ 4000 ᠲᠡᠭᠰᠢ ᠳᠥᠷᠪᠡᠯᠵᠢᠨ ᠮᠧᠲᠷ᠂ ᠤᠷᠤᠯᠳᠤᠭᠠᠨ ᠤ ᠵᠠᠮ ᠤᠨ ᠣᠷᠳᠣ ᠨᠢ 1200 ᠮᠧᠲᠷ᠂ ᠥᠷᠭᠡᠨ ᠨᠢ 10 ᠮᠧᠲᠷ᠂ ᠣᠯᠠᠨ ᠤᠯᠤᠰ ᠤᠨ ᠮᠣᠲ᠋ᠣᠷ ᠲᠡᠷᠭᠡᠨ ᠤ ᠬᠡᠭᠡᠷ᠎ᠡ ᠶᠢᠨ ᠤᠷᠤᠯᠳᠤᠭᠠᠨ ᠤ ᠪᠠᠷᠢᠮᠵᠢᠶᠠᠲᠤ ᠲᠠᠯᠠᠪᠤᠷ ᠮᠥᠨ᠂ ᠤᠷᠤᠯᠳᠤᠭᠠᠨ ᠤ ᠲᠠᠯᠠᠪᠠᠶ ᠳᠤ ᠲᠡᠷᠢᠭᠦᠯᠡᠭᠴᠢ ᠶᠢᠨ ᠲᠠᠶᠢᠰᠠ᠂ ᠦᠵᠡᠭᠴᠢᠳ ᠤᠨ ᠲᠠᠪᠴᠠᠩ᠂ ᠱᠠᠩᠨᠠᠯ ᠣᠯᠭᠤᠬᠤ ᠲᠠᠪᠴᠠᠩ᠂ ᠮᠣᠲ᠋ᠣᠷ ᠲᠡᠷᠭᠡ ᠰᠡᠯᠪᠢᠨ ᠵᠠᠰᠠᠬᠤ ᠲᠣᠭᠤᠷᠢᠭ᠂ ᠲᠠᠮᠢᠷᠴᠢᠳ ᠤᠨ ᠠᠮᠠᠷᠠᠯᠲᠠ ᠶᠢᠨ ᠲᠣᠭᠤᠷᠢᠭ᠂ ᠲᠡᠷᠭᠡ ᠤᠬᠢᠶᠠᠬᠤ ᠲᠣᠭᠤᠷᠢᠭ ᠵᠡᠷᠭᠡ ᠪᠠᠶᠢᠵᠤ᠂  ᠨᠡᠶᠢᠲᠡ 4000 ᠦᠵᠡᠭᠴᠢᠳ ᠢ ᠪᠠᠭᠲᠠᠭᠠᠵᠤ ᠪᠣᠯᠤᠨ᠎ᠠ᠃      ᠬᠤᠷᠰᠢᠯ ᠤᠨ ᠠᠭᠤᠯᠭ᠎ᠠ᠄ ᠤᠷᠤᠯᠳᠤᠭᠠᠨ ᠤ ᠵᠠᠮ ᠤᠨ ᠡᠳᠦᠷ ᠲᠤᠲᠤᠮ ᠤᠨ ᠬᠠᠮᠠᠭᠠᠯᠠᠯᠲᠠ᠂ ᠤᠷᠤᠯᠳᠤᠭᠠᠨ ᠤ ᠵᠦᠢᠯ ᠢ ᠳᠠᠭᠠᠭᠠᠨ ᠡᠷᠭᠢᠯᠡᠬᠦ ︵ᠣᠷᠣᠨ ᠪᠦᠰᠡ ᠶᠢᠨ ᠤᠷᠤᠯᠳᠤᠭᠠᠨ᠂ ᠬᠡᠭᠡᠷᠡᠯᠡᠨ ᠪᠠᠶᠢᠯᠳᠤᠬᠤ ᠤᠷᠤᠯᠳᠤᠭᠠᠨ ᠵᠡᠷᠭᠡ︶᠂ ᠠᠶᠤᠯᠭᠦᠶ ᠡᠵᠡᠩᠨᠡᠯᠲᠡ ᠬᠠᠮᠢᠶᠠᠷᠤᠯᠲᠠ᠂ ᠲᠡᠷᠭᠡᠴᠢᠨ ᠤ ᠺᠯᠦ᠋ᠪ ᠤᠨ ᠡᠵᠡᠩᠨᠡᠯᠲᠡ᠃       ᠬᠡᠷᠡᠭᠴᠡᠭᠡ ᠱᠠᠭᠠᠷᠳᠠᠯᠭ᠎ᠠ ᠶᠢᠨ ᠪᠦᠯᠬᠦᠮ᠄ ᠮᠠᠰᠢᠨ ᠲᠡᠷᠭᠡᠨ ᠤ ᠬᠥᠳᠡᠯᠭᠡᠭᠡᠨ ᠤ ᠨᠡᠢᠭᠡᠮᠯᠢᠭ᠂  ᠲᠤᠰᠬᠠᠢ ᠮᠡᠷᠭᠡᠵᠢᠯ ᠤᠨ ᠤᠷᠤᠯᠳᠤᠭᠠᠨ ᠤ ᠺᠣᠮᠫᠠᠨᠢ ᠪᠤᠶᠤ ᠭᠡᠷ ᠤᠨ ᠭᠠᠳᠠᠨᠠᠬᠢ ᠬᠥᠳᠡᠯᠭᠡᠭᠡᠨ ᠤ ᠡᠵᠡᠩᠨᠡᠯᠲᠡ ᠶᠢᠨ ᠪᠠᠢᠭᠤᠯᠤᠮᠵᠢ᠃      3.ᠭᠡᠷᠳᠦ ᠲᠡᠷᠭᠡ ᠬᠡᠭᠡᠷ᠎ᠡ ᠪᠠᠭᠤᠳᠠᠯᠯᠠᠬᠤ ᠭᠠᠵᠠᠷ ᠤᠨ ᠡᠵᠡᠩᠨᠡᠯᠲᠡ ᠶᠢᠨ ᠬᠤᠷᠰᠢᠯ      ᠲᠥᠷᠥᠯ ᠵᠦᠢᠯ ᠤᠨ ᠪᠠᠶᠢᠷᠢ ᠲᠣᠭᠲᠠᠭᠠᠯᠲᠠ᠄ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ ᠭᠡᠷᠳᠦ ᠲᠡᠷᠭᠡᠨ ᠬᠤᠸᠠᠷᠠᠨ ᠢ ᠪᠠᠶᠢᠭᠤᠯᠵᠤ᠂ ᠬᠤᠨᠣᠵᠤ ᠬᠡᠪᠲᠡᠬᠦ᠂ ᠰᠡᠯᠡᠭᠦᠴᠡᠬᠦ᠂ ᠨᠡᠶᠢᠭᠡᠮ ᠤᠨ ᠬᠠᠷᠢᠯᠴᠠᠭᠠᠨ ᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠨ᠎ᠠ᠃      ᠲᠥᠷᠥᠯ ᠵᠦᠢᠯ ᠤᠨ ᠲᠦᠢᠮᠣ ᠪᠠᠶᠢᠳᠠᠯ᠄ ᠭᠡᠷᠳᠦ ᠲᠡᠷᠭᠡ ᠬᠡᠭᠡᠷ᠎ᠡ ᠪᠠᠭᠤᠳᠠᠯᠯᠠᠬᠤ ᠬᠤᠸᠠᠷᠠᠨ 8 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ 4A ᠲᠠᠰ ᠤᠨ ᠣᠯᠠᠨ ᠤᠯᠤᠰ ᠤᠨ ᠬᠡᠷ ᠲᠡᠷᠭᠡᠨ ᠬᠤᠸᠠᠷᠠᠨ ᠪᠠᠶᠢᠵᠤ᠂ ᠤᠷᠢᠳ ᠬᠤᠵᠢᠳ ᠬᠤᠶᠠᠷ ᠬᠤᠭᠤᠴᠠᠭᠠᠨ ᠤ ᠳᠤᠮᠳᠠᠳᠤ ᠤᠯᠤᠰ ︵ᠣᠯᠠᠨ ᠤᠯᠤᠰ︶ ᠤᠨ ᠬᠡᠷᠲᠦ ᠲᠡᠷᠭᠡ ᠶᠢᠨ ᠬᠡᠭᠡᠷ᠎ᠡ ᠪᠠᠭᠤᠳᠠᠯᠯᠠᠬᠤ ᠶᠡᠭᠡ ᠬᠤᠷᠠᠯ ᠢ ᠡᠷᠭᠢᠯᠡᠪᠡ᠃      ᠬᠤᠷᠰᠢᠯ ᠤᠨ ᠠᠭᠤᠯᠭ᠎ᠠ᠄ ᠬᠡᠭᠡᠷ᠎ᠡ ᠪᠠᠭᠤᠳᠠᠯᠯᠠᠬᠤ ᠭᠠᠵᠠᠷ ᠤᠨ ᠲᠥᠬᠦᠭᠡᠷᠦᠮᠵᠢ ᠶᠢ ᠲᠡᠰ ᠳᠡᠪᠰᠢᠭᠦᠯᠬᠦ᠂ ᠡᠳᠦᠷ ᠲᠤᠳᠤᠮ ᠤᠨ ᠡᠵᠡᠩᠨᠡᠯᠲᠡ ᠬᠠᠮᠢᠶᠠᠷᠤᠯᠲᠠ᠂ ᠭᠤᠣᠯ ᠰᠡᠳᠦᠪᠲᠦ ᠠᠵᠢᠯᠯᠠᠭ᠎ᠠ ᠶᠢ ᠲᠥᠰᠦᠪᠯᠡᠬᠦ ︵ᠤᠳᠣᠨ ᠢ ᠠᠵᠢᠭᠯᠠᠬᠤ᠂ ᠲᠦᠳᠡᠭ ᠭᠠᠯ ᠤᠨ ᠦᠳᠡᠰᠢᠯᠡᠭᠡ ᠵᠡᠷᠭᠡ︶᠂ ᠭᠡᠰᠢᠭᠦᠨ ᠤ ᠰᠢᠰᠲ᠋ᠧᠮ ᠢ ᠪᠠᠶᠢᠭᠤᠯᠤᠨ᠎ᠠ᠃      ᠬᠡᠷᠡᠭᠴᠡᠭᠡ ᠱᠠᠭᠠᠷᠳᠠᠯᠭ᠎ᠠ ᠶᠢᠨ ᠪᠦᠯᠬᠦᠮ᠄ ᠭᠡᠷᠳᠦ ᠲᠡᠷᠭᠡᠨ ᠤ ᠬᠡᠭᠡᠷ᠎ᠡ ᠪᠠᠭᠤᠳᠠᠯᠯᠠᠬᠤ ᠨᠡᠷᠡᠲᠦ ᠲᠡᠮᠳᠡᠭᠲᠦ ᠡᠵᠡᠩᠨᠡᠯᠲᠡ ᠶᠢᠨ ᠬᠤᠳᠠᠯᠳᠤᠭᠠᠴᠢᠨ᠂ ᠵᠢᠭᠤᠯᠴᠢᠯᠠᠯ ᠰᠡᠯᠡᠭᠦᠴᠡᠯ ᠤᠨ ᠠᠵᠤ ᠠᠬᠤᠢᠯᠠᠯ ᠪᠤᠶᠤ ᠭᠡᠷ ᠤᠨ ᠭᠠᠳᠠᠨᠠᠬᠢ ᠠᠵᠢᠯᠯᠠᠭ᠎ᠠ ᠶᠢ ᠲᠥᠰᠥᠪᠯᠡᠬᠦ ᠪᠦᠯᠬᠦᠮ᠃      4.ᠮᠣᠩᠭᠤᠯ ᠭᠡᠷ ᠢ ᠪᠦᠯᠦᠭᠯᠡᠨ ᠡᠵᠡᠩᠨᠡᠬᠦ      ᠲᠥᠷᠥᠯ ᠵᠦᠢᠯ ᠤᠨ ᠪᠠᠶᠢᠷᠢ ᠲᠣᠭᠲᠠᠭᠠᠯᠲᠠ᠄ ᠰᠣᠭᠲᠣᠭᠤᠷᠠᠬᠤ ᠮᠠᠶ᠋ᠢᠭ ᠤᠨ ᠲᠠᠯ᠎ᠠ ᠨᠤᠲᠤᠭ ᠤᠨ ᠰᠣᠶᠣᠯ ᠢ ᠪᠡᠶᠡᠴᠢᠯᠡᠨ ᠣᠶᠢᠯᠠᠭᠠᠬᠤ ᠲᠥᠪ᠂ ᠪᠣᠳᠠᠰ ᠤᠨ ᠪᠤᠰᠤ ᠰᠣᠶᠣᠯ ᠤᠨ ᠦᠵᠡᠭᠦᠯᠦᠯᠭᠡ᠂ ᠮᠣᠩᠭᠤᠯ ᠬᠤᠭᠤᠯᠠ ᠠᠮᠲᠠᠲᠤ ᠢᠳᠡᠭᠡᠨ᠂ ᠰᠡᠯᠡᠭᠦᠴᠡᠯ ᠨᠡᠶᠢᠭᠡᠮ ᠤᠨ ᠬᠠᠷᠢᠯᠴᠠᠭ᠎ᠠ ᠶᠢ ᠠᠭᠤᠰᠤᠯᠴᠠᠭᠤᠯᠤᠨ᠎ᠠ᠃      ᠲᠥᠷᠥᠯ ᠵᠦᠢᠯ ᠤᠨ ᠲᠦᠢᠮᠣ ᠪᠠᠶᠢᠳᠠᠯ᠄ ᠪᠠᠲᠤᠬᠠᠭᠠᠯᠭ᠎ᠠ ᠶᠢᠨ ᠨᠠᠭᠠᠳᠤᠮ‌‍ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠨᠡᠶᠢᠲᠡ 24 ᠮᠣᠩᠭᠤᠯ ᠭᠡᠷ ᠲᠠᠢ ᠪᠠᠶᠢᠵᠤ᠂ ᠲᠥᠪᠯᠡᠷᠡᠯ ᠤᠨ ᠬᠡᠯᠪᠡᠷᠢ ᠪᠠᠷ ᠵᠢᠭᠰᠠᠭᠠᠵᠤ᠂ ᠪᠥᠭᠡᠮᠨᠡᠷᠡᠯ ᠤᠨ ᠬᠡᠷᠡᠭᠯᠡᠭᠡᠨ ᠤ ᠬᠤᠳᠠᠯᠳᠤᠭᠠᠨ ᠤ ᠴᠡᠭ ᠢ ᠪᠠᠶᠢᠭᠤᠯᠬᠤ ᠳᠤ ᠠᠰᠢᠭᠲᠠᠶ ᠶᠤᠮ᠃      ᠬᠤᠷᠰᠢᠯ ᠤᠨ ᠠᠭᠤᠯᠭ᠎ᠠ᠄ ᠪᠣᠳᠠᠰ ᠤᠨ ᠪᠤᠰᠤ ᠰᠣᠶᠣᠯ ᠤᠨ ᠪᠣᠭᠴᠣ  — ᠪᠣᠳᠠᠰ ᠤᠨ ᠪᠤᠰᠤ ᠰᠣᠶᠣᠯ ᠤᠨ ᠥᠪ ᠤᠨ ᠣᠢᠯᠠᠭᠠᠯᠲᠠ᠂ ᠦᠨᠳᠦᠰᠦᠲᠡᠨ ᠤ ᠵᠠᠩ ᠦᠢᠯᠡ ᠶᠢᠨ ᠲᠣᠭᠯᠠᠯᠲᠠ᠂ ᠰᠣᠶᠣᠯ ᠤᠨ ᠦᠵᠡᠰᠭᠦᠯᠡᠩ᠃ ᠮᠣᠩᠭᠤᠯ ᠬᠤᠭᠤᠯᠠ ᠴᠠᠢ ᠶᠢᠨ ᠮᠣᠬᠤᠯᠠᠭ ᠤᠨ ᠲᠣᠭᠤᠷᠢᠭ — ᠣᠨᠴᠠᠯᠢᠭᠲᠤ ᠮᠣᠩᠭᠤᠯ ᠬᠤᠭᠤᠯᠠ᠂ ᠰᠦ ᠲᠠᠢ ᠴᠠᠢ ᠶᠢᠨ ᠰᠣᠶᠤᠯ ᠤᠨ ᠣᠶᠢᠯᠠᠭᠠᠯᠲᠠ᠂ ᠴᠠᠢ ᠤᠮᠳᠠᠭᠠᠨ᠃ ᠰᠡᠯᠡᠭᠦᠴᠡᠯ ᠤᠨ ᠬᠤᠳᠠᠯᠳᠤᠭᠠᠨ ᠤ ᠲᠣᠭᠤᠷᠢᠭ — ᠰᠣᠶᠣᠯ ᠤᠨ ᠡᠭᠦᠳᠦᠯᠲᠡ ᠶᠢᠨ ᠵᠢᠵᠢᠭᠯᠡᠨ ᠪᠣᠷᠣᠯᠠᠭᠤᠯᠬᠤ᠂ ᠭᠤᠤᠯ ᠰᠡᠳᠦᠪᠲᠦ ᠭᠡᠷᠡᠯ ᠵᠢᠷᠤᠭ᠂ ᠰᠥᠨᠢ ᠶᠢᠨ ᠠᠵᠤ ᠠᠬᠤᠶ ᠶᠢᠨ ᠲᠥᠷᠥᠯ ᠵᠦᠢᠯ ︵ᠵᠢᠱᠢᠶᠡᠯᠡᠪᠡᠯ ᠲᠠᠯ᠎ᠠ ᠨᠤᠲᠤᠭ ᠤᠨ ᠠᠷᠢᠬᠢᠨ ᠪᠠᠭᠠᠷ︶᠃      ᠬᠡᠷᠡᠭᠴᠡᠭᠡ ᠱᠠᠭᠠᠷᠳᠠᠯᠭ᠎ᠠ ᠶᠢᠨ ᠪᠦᠯᠬᠦᠮ᠄ ᠢᠳᠡᠭᠡᠨ ᠤᠮᠳᠠᠭᠠᠨ ᠤ ᠨᠡᠷᠡᠲᠦ ᠲᠡᠮᠳᠡᠭᠲᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠪᠠᠶᠢᠭᠤᠯᠤᠮᠵᠢ᠂ ᠰᠣᠶᠣᠯ ᠤᠨ ᠪᠦᠲᠦᠭᠡᠯᠴᠢ ᠪᠣᠳᠣᠯ ᠤᠨ ᠺᠣᠮᠫᠠᠨᠢ ᠪᠤᠶᠤ ᠨᠡᠶᠢᠯᠡᠮᠡᠯ ᠬᠡᠯᠪᠡᠷᠢ ᠶᠢᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠪᠦᠯᠬᠦᠮ᠃      ᠬᠤᠷᠰᠢᠯ ᠤᠨ ᠱᠠᠭᠠᠷᠳᠠᠯᠭ᠎ᠠ      ᠬᠢᠷᠢ ᠬᠡᠮ ᠤᠨ ᠱᠠᠭᠠᠷᠳᠠᠯᠭ᠎ᠠ᠄ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ᠂ ᠪᠦᠯᠬᠦᠮ ᠨᠡᠶᠢᠲᠡ ᠶᠢᠨ ᠲᠤᠷᠰᠢᠯᠭ᠎ᠠ ᠪᠠᠷ ᠪᠠᠶᠠᠯᠢᠭ᠂ ᠢᠲᠡᠭᠡᠮᠵᠢ ᠶᠢᠨ ᠲᠠᠯ᠎ᠠ ᠪᠠᠷ ᠮᠠᠭᠤ ᠲᠡᠮᠳᠡᠭᠯᠡᠯ ᠥᠬᠡᠶ᠃      ᠡᠵᠡᠩᠨᠡᠯᠲᠡ ᠶᠢᠨ ᠴᠢᠳᠠᠪᠤᠷᠢ᠄ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠵᠢᠴᠢ ᠡᠬᠢ ᠪᠠᠶᠠᠯᠢᠭ ᠢ ᠨᠡᠢᠯᠡᠭᠦᠯᠬᠦ ᠴᠢᠳᠠᠪᠤᠷᠢ ᠲᠠᠢ ᠠᠵᠢᠯᠯᠠᠭᠠᠨ ᠤ ᠲᠥᠰᠦᠯ ᠲᠣᠭᠲᠠᠭᠠᠵᠤ ᠳᠡᠢᠯᠦᠨ᠎ᠡ᠃      ᠰᠣᠶᠣᠯ ᠤᠨ ᠨᠡᠢᠯᠡᠮᠡᠯ ᠴᠢᠨᠠᠷ᠄ ᠣᠷᠣᠨ ᠨᠤᠲᠤᠭ ᠤᠨ ᠰᠣᠶᠣᠯ ᠢ ᠬᠦᠨᠳᠦᠳᠭᠡᠵᠦ᠂ ᠲᠥᠷᠥᠯ ᠵᠦᠢᠯ ᠤᠨ ᠲᠥᠯᠥᠪᠯᠡᠭᠡ ᠶᠢ ᠲᠠᠯ᠎ᠠ ᠨᠤᠲᠤᠭ ᠤᠨ ᠣᠨᠴᠠᠯᠢᠭ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠡᠯᠧᠮᠧᠨ᠋ᠲ ᠲᠤ ᠠᠭᠤᠰᠤᠯᠴᠠᠭᠤᠯᠬᠤ ᠬᠡᠷᠡᠭᠲᠡᠢ᠃ᠪᠡᠯᠡ ᠮᠥᠩᠭᠦ ᠶᠢᠨ ᠪᠣᠳᠠᠲᠤ ᠬᠦᠴᠦᠨ᠄ ᠲᠥᠷᠥᠯ ᠵᠦᠢᠯ ᠤᠨ ᠪᠡᠯᠡ ᠣᠷᠣᠭᠤᠯᠤᠯᠲᠠ ᠪᠤᠶᠤ ᠡᠵᠡᠩᠨᠡᠯᠲᠡ ᠶᠢᠨ ᠪᠡᠯᠡ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠷᠢᠯᠳᠦᠭᠦᠯᠦᠨ᠎ᠡ᠃      ᠬᠤᠷᠰᠢᠬᠤ ᠠᠷᠭ᠎ᠠ ᠮᠠᠶ᠋ᠢᠭ      ᠮᠣᠳᠧᠯ ᠨᠢ ᠠᠮᠢᠳᠤᠯᠢᠭ᠄ ᠪᠠᠯᠠ ᠨᠡᠶᠢᠯᠡᠭᠦᠯᠦᠨ ᠡᠵᠡᠩᠨᠡᠬᠦ᠂ ᠨᠠᠶᠢᠳᠠᠨ ᠠᠵᠢᠯᠯᠠᠭᠤᠯᠬᠤ᠂ ᠨᠠᠷᠠᠲᠤ ᠲᠡᠮᠳᠡᠭᠲᠦ ᠶᠢ ᠬᠤᠯᠪᠣᠭᠠᠯᠠᠨ ᠡᠵᠡᠩᠨᠡᠬᠦ᠂ ᠬᠤᠪᠢᠶᠠᠯᠴᠠᠬᠤ ᠵᠡᠷᠭᠡ ᠮᠣᠳᠧᠯ ᠢ ᠬᠡᠷᠡᠭᠯᠡᠵᠦ ᠪᠣᠯᠤᠨ᠎ᠠ᠃      ᠲᠥᠷᠥ ᠶᠢᠨ ᠪᠣᠳᠣᠯᠭ᠎ᠠ ᠶᠢᠨ ᠳᠡᠮᠵᠢᠯᠭᠡ᠄ ᠲᠠᠯᠠᠪᠤᠷ ᠤᠨ ᠲᠦᠷᠢᠶᠡᠰᠦᠯᠡᠯ ᠤᠨ ᠬᠠᠷᠠᠭᠠᠯᠵᠠᠯ ︵ᠲᠦᠷᠢᠶᠡᠰᠦᠯᠡᠬᠦ ᠬᠤᠭᠤᠴᠠᠭ᠎ᠠ ᠦᠭᠡᠢ / ᠱᠠᠲᠤᠯᠢᠭ ᠲᠦᠷᠢᠶᠡᠰᠦᠨ ᠮᠥᠩᠭᠦ︶ ; ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠲᠤᠰᠬᠠᠶ ᠨᠥᠬᠦᠪᠥᠷᠢ ᠶᠢ ᠭᠤᠶᠤᠴᠢᠯᠠᠨ ᠮᠡᠳᠡᠭᠦᠯᠵᠦ ᠬᠠᠪᠰᠤᠷᠤᠨ᠎ᠠ ; ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠬᠠᠮᠲᠤᠷᠠᠨ ᠬᠥᠳᠡᠯᠦᠯᠴᠡᠬᠦ ︵ᠰᠦᠯᠵᠢᠶᠡᠨ ᠳᠡᠭᠡᠷᠡᠬᠢ ᠲᠠᠪᠴᠠᠩ + ᠰᠦᠯᠵᠢᠶᠡᠨ ᠭᠠᠳᠠᠨᠠᠬᠢ ᠠᠷᠭ᠎ᠠ ᠵᠠᠮ︶  ; ᠰᠠᠭᠤᠷᠢ ᠪᠡᠯᠡᠳᠬᠡᠮᠵᠢ ᠶᠢᠨ ᠢᠵᠢ ᠪᠥᠷᠢᠳᠦᠭᠦᠯᠬᠦ ᠳᠡᠮᠵᠢᠯᠭᠡ ︵ᠤᠰᠤ ᠴᠠᠬᠢᠯᠭᠠᠨ ᠤ ᠲᠣᠣᠷ᠂ ᠲᠡᠷᠭᠡᠨ ᠵᠣᠭᠰᠣᠭᠠᠯ ᠵᠡᠷᠭᠡ︶ ᠃      ᠬᠠᠷᠢᠯᠴᠠᠬᠤ ᠬᠡᠯᠪᠡᠷᠢ      ᠺᠣᠮᠫᠠᠨᠢ ᠶᠢᠨ ᠬᠠᠶ᠋ᠢᠭ᠄ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠬᠤᠶᠠᠳᠤᠭᠠᠷ ᠳᠠᠪᠬᠤᠷᠯᠢᠭ          ᠬᠠᠷᠢᠯᠴᠠᠬᠤ ᠤᠲᠠᠰᠤ᠄ ᠰᠠᠷᠠᠭᠤᠯ 18648647018
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号