ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠳᠦᠪᠰᠢᠨ  ᠶᠠᠪᠤᠵᠤ ᠰᠠᠭᠤᠬᠤ ᠰᠠᠨᠠᠭᠤᠯᠤᠮᠵᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/4/30
 ᠬᠠᠶᠢᠷᠠᠳᠤ  ᠵᠢᠭᠤᠯᠴᠢᠯᠠᠭᠴᠢ ᠨᠠᠶᠢᠵᠠ ᠨᠠᠷ ᠡ᠄      ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠤᠶᠢᠳᠠ ᠰᠠᠶᠢᠬᠠᠨ  ︽ᠭᠠᠴᠠᠭᠠᠨ ᠤ ᠰᠢᠭᠰᠢᠶ᠎ᠡ︾ ᠮᠣᠷᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ᠲᠠᠯ᠎ᠠ ᠨᠤᠲᠤᠭ ᠳᠡᠭᠡᠷ᠎ᠡ ᠡᠯ᠎ᠡ ᠭᠠᠵᠠᠷ ᠤᠨ ᠵᠢᠭᠤᠯᠴᠢᠯᠠᠭᠰᠠᠳ‌ᠢ ᠴᠤᠭᠯᠠᠷᠠᠭᠤᠯᠵᠤ᠂ ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ ᠶᠢᠨ ᠮᠥᠷᠭᠦᠯᠳᠦᠯ ᠢ ᠬᠠᠮᠲᠤᠪᠠᠷ ᠮᠡᠳᠡᠷᠡᠬᠦ ᠪᠣᠯᠤᠨ᠎ᠠ᠃ ᠣᠯᠠᠨ ᠤ ᠠᠮᠤᠷ ᠲᠦᠪᠰᠢᠨ ᠂ ᠪᠠᠶᠠᠷ ᠬᠥᠷ ᠲᠠᠢ ᠠᠵᠢᠯᠯᠠᠭ᠎ᠠ ᠳᠤ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠣᠣᠷᠠᠬᠢ ᠮᠡᠲᠦ ᠳᠣᠲᠣᠨᠣ ᠰᠠᠨᠠᠭᠤᠯᠤᠮᠵᠢ ᠰᠠᠨᠠᠭᠤᠯᠤᠶ᠎ᠠ᠄      1. ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠄ ᠵᠢᠱᠢᠯᠲᠡ ᠪᠠᠷ ᠠᠵᠢᠯᠯᠠᠭᠠᠨ ᠤ ᠬᠤᠭᠤᠴᠠᠭᠠᠨ ᠳᠤ ᠬᠥᠮᠦᠨ ᠬᠠᠷ᠎ᠠ᠂ ᠲᠡᠷᠭᠡ ᠬᠦᠰᠭᠡ ᠨᠡᠮᠡᠭᠳᠡᠵᠦ᠂ ᠭᠠᠳᠠᠷ ᠣᠷᠣᠨ ᠤ  ᠵᠢᠭᠤᠯᠴᠢᠯᠠᠭᠰᠠᠳ ᠲᠣᠰ ᠭᠠᠵᠠᠷ ᠤᠨ ᠵᠠᠮ ᠤᠨ ᠪᠠᠶᠢᠳᠠᠯ ᠢ ᠰᠠᠶᠢᠨ ᠮᠡᠳᠡᠬᠦ ᠦᠭᠡᠢ ᠪᠠᠶᠢᠵᠤ ᠮᠡᠳᠡᠨ᠎ᠡ᠃ ᠲᠠ ᠡᠷᠬᠡᠪᠰᠢ ᠯᠠᠪᠳᠠᠭᠤᠨ ᠲᠣᠭᠲᠠᠭᠤᠨ ᠢᠶᠠᠷ ᠲᠡᠷᠭᠡ ᠵᠢᠯᠣᠭᠤᠳᠴᠤ ᠠᠯᠭᠤᠷ ᠶᠠᠪᠤᠵᠤ᠂ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠵᠢᠷᠤᠮᠯᠠᠵᠤ᠂ ᠬᠤᠷᠳᠤ ᠠᠴᠠ ᠭᠡᠳᠦᠷᠡᠬᠦ ᠦᠭᠡᠢ᠂ ᠶᠠᠳᠠᠷᠠᠵᠤ  ᠵᠦᠳᠡᠷᠡᠬᠦ ᠦᠭᠡᠢ᠂ ᠴᠠᠭ ᠢᠶᠠᠨ ᠭᠦᠢᠴᠡᠳ  ᠦᠯᠡᠳᠡᠭᠡᠵᠦ᠂ ᠴᠠᠭ ᠠᠮᠵᠢᠬᠤ ᠠᠴᠠ ᠪᠤᠯᠵᠤ ᠵᠠᠮ ᠬᠠᠷᠢᠯᠴᠠᠭᠠᠨ ᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      2. ᠲᠡᠷᠭᠡ ᠵᠣᠭᠰᠣᠭᠠᠬᠤ ᠵᠢᠯᠣᠭᠤᠳᠤᠮᠵᠢ᠄ ᠣᠯᠠᠨ ᠳᠤ ᠨᠠᠩ ᠲᠠᠭᠠᠯᠠᠮᠵᠢᠲᠠᠶ ᠵᠢᠭᠤᠯᠴᠢᠯᠠᠯ ᠤᠨ ᠰᠡᠳᠬᠢᠭᠳᠡᠯ ᠢ ᠡᠬᠦᠳᠬᠦ ᠶᠢᠨ ᠲᠦᠯᠦᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢᠭᠡᠨᠲᠡ ᠠᠵᠢᠯᠯᠠᠭᠠᠨ ᠤ ᠲᠠᠯᠠᠪᠤᠷ ᠤᠨ ᠡᠷᠬᠢᠨ ᠲᠣᠭᠤᠷᠢᠨ ᠳᠤ ᠲᠤᠰᠬᠠᠶ ᠲᠡᠷᠭᠡᠨ ᠵᠣᠭᠰᠣᠭᠠᠯ ᠭᠠᠷᠭᠠᠵᠠᠶ᠃ ᠬᠦᠷᠦᠭᠰᠡᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠠᠷᠠᠳ ᠤᠨ ᠲᠤᠰᠠᠯᠠᠬᠤ ᠴᠠᠭᠳᠠᠭ᠎ᠠ ᠶᠢᠨ ᠵᠢᠯᠣᠭᠤᠳᠣᠯᠭ᠎ᠠ ᠶᠣᠰᠣᠭᠠᠷ ᠡᠮᠬᠢ ᠵᠢᠷᠤᠮ ᠲᠠᠢ ᠪᠠᠷ ᠲᠡᠷᠭᠡ ᠵᠣᠭᠰᠣᠭᠠᠵᠤ᠂ ᠲᠡᠷᠭᠡ ᠬᠥᠰᠬᠡ  ᠪᠠᠨ ᠳᠤᠷ᠎ᠠ ᠪᠠᠷ ᠢᠶᠠᠨ ᠵᠣᠭᠰᠣᠭᠠᠵᠤ ᠪᠣᠯᠬᠤ ᠥᠬᠡᠶ᠂ ᠵᠠᠮ ᠬᠠᠷᠢᠯᠴᠠᠭᠠᠨ ᠤ ᠲᠦᠭᠵᠢᠷᠡᠯ ᠢ ᠪᠣᠢ ᠪᠣᠯᠭᠠᠬᠤ ᠠᠴᠠ ᠵᠠᠶᠢᠯᠠᠰᠬᠢᠬᠦ ᠬᠡᠷᠡᠭᠲᠡᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠥᠷᠭᠡᠨ ᠠᠭᠤᠳᠠᠮ ᠲᠠᠯ᠎ᠠ ᠨᠤᠲᠤᠭ᠂ ᠬᠠᠯᠠᠭᠤᠨ ᠰᠡᠳᠬᠢᠯ ᠢᠶᠠᠷ ᠠᠯᠤᠰ ᠬᠤᠯᠠ ᠶᠢᠨ ᠵᠣᠴᠢᠨ ᠨᠢᠭᠡᠪᠦᠷᠢ ᠶᠢ ᠪᠠᠶᠠᠷᠯᠠᠨ ᠤᠭᠲᠤᠵᠤ ᠪᠠᠶᠢᠨ᠎ᠠ᠃ ᠥᠷᠭᠡᠨ ᠤᠯᠠᠨ ᠵᠢᠭᠤᠯᠴᠢᠯᠠᠭᠰᠠᠳ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠶᠠᠷ ᠪᠠᠶᠠᠰᠬᠤᠯᠠᠩ ᠲᠠᠢ᠂ ᠮᠠᠷᠲᠠᠭᠳᠠᠰᠢ ᠦᠭᠡᠢ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠡᠵᠦ᠂ ᠡᠨᠡᠬᠦ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠢ ᠰᠡᠳᠬᠢᠯ ᠲᠠᠯᠪᠢᠨ ᠦᠵᠡᠬᠦ ᠶᠢ ᠴᠢᠩ ᠰᠡᠳᠬᠢᠯ ᠠᠴᠠ ᠪᠠᠨ ᠢᠷᠥᠭᠡᠶ᠎ᠡ︕            ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ       ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠶᠡᠭᠡ ᠠᠩᠭᠢ           2025 ᠣᠨ ᠤ 4 ᠰᠠᠷ᠎ᠠ ᠶᠢᠨ 30 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号