︽ᠠᠷᠢᠭᠤᠨ ᠴᠡᠪᠡᠷ︾  ᠢ  ᠲᠠᠶᠠᠭᠠᠷ  ᠢᠶᠠᠨ ᠡᠷᠬᠢᠮᠯᠡᠵᠦ ︽ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ  ᠢ  ᠬᠠᠮᠳᠤ ᠪᠠᠷ  ᠰᠤᠨᠢᠷᠬᠠᠵᠠᠭᠠᠶ᠎ᠠ
ᠨᠡᠶᠢᠲᠡᠯᠡᠭᠰᠡᠨ ᠴᠠᠭ᠄
2025/4/30
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ᠄      ᠮᠠᠨ ᠤ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠡᠷᠢ ᠲᠡᠭᠰᠢ᠂  ᠭᠤᠶᠣ ᠰᠠᠶᠢᠬᠠᠨ᠂ ᠴᠡᠪᠡᠷ ᠴᠡᠮᠴᠡᠭᠡᠷ᠂ ᠡᠷᠡᠭᠦᠯ ᠰᠠᠷᠠᠭᠤᠯ ᠣᠷᠴᠢᠨ ᠲᠣᠭᠤᠷᠢᠨ  ᠤ ᠪᠦᠳᠦᠭᠡᠨ ᠪᠠᠶᠢᠭᠤᠯᠤᠯᠳᠠ ᠪᠠᠷ 2025 ᠣᠨ ᠳᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠭᠠᠴᠠᠭᠠᠨ ᠤ ᠰᠢᠭᠰᠢᠶ᠎ᠡ︾  ᠬᠤᠯᠪᠣᠭᠠᠲᠤ ᠮᠤᠷᠢᠨ ᠤᠷᠤᠯᠳᠤᠭᠠᠨ ᠢ ᠤᠭᠲᠤᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠢᠶᠠᠨ ᠲᠠᠶᠢᠴᠢᠯᠠᠨ ᠲᠠᠭᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ  ᠦᠢᠯᠡᠳᠦᠯᠭᠡᠵᠢᠬᠦᠯᠬᠦ ᠶᠢᠨ ᠲᠦᠯᠦᠭᠡ ᠂ ᠡᠳᠦᠭᠡ ᠪᠦᠬᠦ ᠠᠷᠠᠳ ᠢᠶᠠᠷ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠠᠵᠢᠯᠯᠠᠭ᠎ᠠ ᠳᠤ ᠣᠷᠣᠯᠴᠠᠵᠤ᠂ ᠵᠣᠯ ᠵᠢᠷᠭᠠᠯᠲᠤ ᠰᠠᠶᠢᠨ ᠰᠠᠶᠢᠬᠠᠨ ᠡᠷᠡᠭᠦᠯ ᠮᠡᠨᠳᠦ ᠲᠠᠷᠬᠠᠨ ᠮᠤᠤᠮᠢᠩᠭᠠᠨ ᠢᠶᠠᠨ ᠬᠠᠮᠲᠤ ᠪᠠᠷ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠬᠠᠮᠲᠤ ᠪᠠᠷ  ᠡᠳ᠋ᠯᠡᠬᠦ ᠶᠢᠨ ᠲᠤᠰᠠᠳᠠ᠂ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄      ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠪᠣᠯᠣᠨ ᠪᠦᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠢ ᠬᠦᠳᠡᠯᠦᠯᠴᠡᠵᠦ᠂ ᠪᠦᠬᠦ ᠬᠤᠰᠢᠭᠤᠨ ᠤ ᠬᠡᠪᠴᠢᠶᠡᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠶᠢ  ᠰᠠᠨᠠᠭᠠᠴᠢᠯᠠᠶ᠎ᠠ᠃      ᠨᠢᠭᠡ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠠᠮ ᠤᠨ ᠪᠠᠷᠢᠯᠭ᠎ᠠ ᠶᠢᠨ ᠠᠵᠢᠯ ᠢ ᠵᠢᠷᠤᠮᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠬᠦᠭᠡᠷᠦᠮᠵᠢ᠂ ᠣᠯᠠᠨ ᠨᠡᠶᠢᠲᠡ ᠶᠢᠨ ᠲᠠᠯᠠᠪᠤᠷ ᠤᠨ ᠵᠤᠷᠯᠤᠩ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠨ᠂ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠴᠢᠩᠭᠠᠳᠬᠠᠬᠤ ᠬᠡᠷᠡᠭᠲᠡᠢ᠃     ᠬᠤᠶᠠᠷ ᠲᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯᠯᠠᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ᠂ ᠲᠡᠷᠭᠡᠨ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠪᠣᠯᠤᠨ ᠵᠡᠭᠡᠯᠢ ᠭᠤᠳᠤᠮᠵᠢ᠂ ᠬᠠᠭᠤᠴᠢᠨ  ᠰᠠᠭᠤᠭᠠᠯᠢ ᠲᠣᠭᠤᠷᠢᠭ᠂ ᠪᠠᠷᠢᠯᠭ᠎ᠠ ᠶᠢᠨ ᠠᠵᠢᠯ ᠤᠨ ᠭᠠᠵᠠᠷ᠂ ᠵᠢᠵᠢᠭ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠣᠷᠣᠨ ᠪᠦᠰᠡ ᠶᠢᠨ ᠳᠣᠲᠣᠷᠠᠬᠢ ᠬᠤᠭ ᠨᠣᠪᠰᠢ ᠶᠢ ᠠᠷᠢᠯᠭᠠᠨ᠎ᠠ᠃     ᠭᠤᠷᠪᠠ ᠳᠤ᠂ ᠣᠯᠠᠨ ᠲᠦᠮᠡᠨ ᠢ ᠳᠠᠶᠢᠴᠢᠯᠠᠨ  ᠴᠡᠪᠡᠷᠯᠡᠬᠦ ᠠᠵᠢᠯ ᠳᠤ ᠣᠷᠣᠯᠴᠠᠭᠤᠯᠬᠤ ᠬᠡᠷᠡᠭᠲᠡᠶ᠃ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠶᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠨ᠎ᠡ᠃     ᠣᠷᠴᠢᠨ ᠲᠣᠭᠤᠷᠢᠨ ᠴᠡᠪᠡᠷ ᠲᠡᠭᠰᠢ ᠪᠤᠯ ᠬᠥᠮᠥᠨ ᠪᠣᠯᠭᠠᠨ ᠠᠰᠢᠭ ᠬᠦᠷᠳᠡᠨ᠎ᠡ᠃ ᠪᠢᠳᠡ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠵᠤ᠂ ᠴᠡᠪᠡᠷ ᠴᠡᠮᠴᠡᠭᠡᠷ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ︽ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ ᠤ ᠦᠪᠡᠳᠡᠭᠰᠢ ᠴᠤᠭᠯᠠᠭᠠᠨ ᠢ ᠤᠭᠳᠤᠶ᠎ᠠ︔ ᠪᠢᠳᠡ ᠢᠳᠡᠪᠬᠢᠲᠡᠢ ᠬᠥᠳᠡᠯᠦᠯᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠰᠬᠦᠯᠡᠩᠲᠦ ᠰᠠᠶᠢᠬᠠᠨ ᠲᠠᠷᠬᠠᠨ ᠮᠤᠤᠮᠢᠩᠭᠠᠨ ᠢ ᠪᠦᠳᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ᠃               ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ          ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ                    2025 ᠣᠨ ᠤ 4 ᠰᠠᠷ᠎ᠠ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号