ᠴᠤᠭᠯᠠᠭᠤᠯᠬᠤ ᠭᠤᠤᠯ ᠰᠡᠳᠦᠪ | 1. ᠦᠨᠳᠦᠰᠦᠲᠡᠨ ᠤ ᠪᠦᠯᠬᠦᠮᠳᠡᠯ ᠤᠨ ᠥᠩᠭᠡᠷᠡᠯᠲᠡ᠄ ᠦᠨᠳᠦᠰᠦᠲᠡᠨ ᠨᠦᠭᠦᠳ ᠤᠨ ᠣᠯᠠᠨ ᠲᠦᠮᠡᠨ ᠤ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠠᠮᠲᠤ ᠪᠠᠷ ᠲᠡᠮᠡᠴᠡᠭᠰᠡᠨ ᠢ ᠲᠤᠰᠬᠠᠭᠰᠠᠨ ᠬᠠᠭᠤᠴᠢᠨ ᠭᠡᠷᠡᠯ ᠵᠢᠷᠤᠭ᠃ | 2. ᠠᠵᠤ ᠠᠬᠤᠶ ᠨᠡᠶᠢᠭᠡᠮ ᠤᠨ ᠬᠥᠭᠵᠢᠯᠲᠡ᠄ ᠠᠵᠤ ᠦᠢᠯᠡᠳᠪᠦᠷᠢ ᠲᠠᠷᠢᠶᠠᠯᠠᠩ ᠬᠤᠳᠠᠯᠳᠤᠭ᠎ᠠ ᠰᠤᠷᠭᠠᠭᠤᠯᠢ | ᠴᠡᠷᠢᠭ ᠵᠡᠷᠭᠡ ᠡᠯ᠎ᠡ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠲᠡᠮᠳᠡᠭᠯᠡᠭᠰᠡᠨ ᠬᠤᠪᠣᠷ | ᠨᠠᠨᠳᠢᠨ ᠵᠢᠷᠤᠭ ᠳᠦᠷᠰᠦ᠃ | 3. ᠬᠤᠲᠠ ᠬᠥᠳᠡᠭᠡ ᠶᠢᠨ ᠬᠤᠪᠢᠷᠠᠯᠲᠠ ᠶᠢᠨ ᠬᠠᠷᠢᠴᠠᠭᠤᠯᠤᠯ᠄ ᠬᠤᠲᠠ ᠪᠠᠯᠭᠠᠰᠤ ᠶᠢᠨ ᠵᠡᠭᠡᠯᠢ ᠶᠢᠨ | ᠦᠵᠡᠮᠵᠢ᠂ ᠭᠠᠵᠠᠷ ᠤᠷᠤᠨ ᠤ ᠤᠨᠴᠠᠯᠢᠭᠳᠤ ᠪᠠᠷᠢᠯᠭ᠎ᠠ᠂ ᠰᠠᠭᠤᠷᠢ ᠲᠥᠬᠦᠭᠡᠷᠦᠮᠵᠢ ᠵᠡᠷᠭᠡ ᠰᠢᠨ᠎ᠡ ᠬᠠᠭᠤᠴᠢᠨ | ᠬᠤᠪᠢᠷᠠᠯᠲᠠ ᠶᠢ ᠢᠯᠡᠷᠡᠭᠦᠯᠦᠭᠰᠡᠨ ᠭᠡᠷᠡᠯ ᠵᠢᠷᠤᠭ᠃ | 4. ᠰᠣᠶᠣᠯ ᠵᠢᠭᠤᠯᠴᠢᠯᠠᠯ ᠤᠨ ᠳᠤᠷᠠᠰᠤᠮᠵᠢ᠄ ᠤᠯᠠᠮᠵᠢᠯᠠᠯᠲᠤ ᠪᠠᠶᠠᠷ ᠳᠤᠷᠠᠰᠬᠠᠯ᠂ ᠠᠷᠠᠳ ᠤᠨ ᠵᠠᠩ | ᠦᠢᠯᠡ ᠶᠢᠨ ᠠᠵᠢᠯᠯᠠᠭ᠎ᠠ᠂ ᠪᠠᠶᠢᠭᠠᠯᠢ ᠶᠢᠨ ᠦᠵᠡᠮᠵᠢ᠂ ᠰᠣᠶᠣᠯ ᠤᠨ ᠥᠪ ᠵᠡᠷᠭᠡ ᠲᠡᠦᠬᠡ ᠶᠢᠨ ᠵᠢᠷᠤᠭ ᠪᠠᠶᠢᠳᠠᠯ᠃ | 5. ᠪᠤᠰᠤᠳ ᠲᠡᠦᠬᠡ ᠶᠢᠨ ᠦᠨ᠎ᠡ ᠴᠡᠨ᠎ᠡ ᠲᠠᠢ ᠭᠡᠷᠡᠯ ᠵᠢᠷᠤᠭ᠄ ᠵᠢᠱᠢᠶᠡᠯᠡᠪᠡᠯ ᠴᠢᠬᠤᠯᠠ ᠬᠡᠷᠡᠭ ᠶᠠᠪᠤᠳᠠᠯ᠂ | ᠬᠦᠮᠦᠰ᠂ ᠠᠮᠢᠳᠤᠷᠠᠯ ᠤᠨ ᠠᠬᠤᠢ ᠪᠠᠶᠢᠳᠠᠯ ᠵᠡᠷᠭᠡ᠃ | ᠴᠤᠭᠯᠠᠭᠤᠯᠬᠤ ᠱᠠᠭᠠᠷᠳᠠᠯᠭ᠎ᠠ | 1. ᠭᠡᠷᠡᠯ ᠵᠢᠷᠤᠭ ᠤᠨ ᠠᠭᠤᠯᠭ᠎ᠠ᠄ ᠪᠤᠳᠤᠭ ᠦᠭᠡᠢ ᠪᠤᠶᠤ ᠥᠩᠭᠡ ᠪᠤᠳᠤᠭ ᠲᠠᠢ ᠪᠠᠶᠢᠵᠤ ᠪᠦᠷ ᠪᠣᠯᠣᠨ᠎ᠠ᠂ | ᠵᠢᠷᠤᠭ ᠲᠦᠷᠰᠦ ᠲᠣᠳᠤᠷᠬᠠᠢ᠂ ᠲᠣᠪᠴᠢ ᠲᠣᠳᠣᠷᠬᠠᠶᠢᠯᠠᠯᠲᠠ ᠶᠢ ᠲᠠᠭᠠᠭᠤᠯᠤᠨ᠎ᠠ ︵ᠴᠠᠭ᠂ ᠭᠠᠵᠠᠷ᠂ ᠬᠥᠮᠥᠨ ᠪᠤᠶᠤ | ᠬᠡᠷᠡᠭ ᠶᠠᠪᠤᠳᠠᠯ︶᠃ | 2. ᠬᠡᠪᠯᠡᠯ ᠤᠨ ᠡᠷᠬᠡ ᠶᠢᠨ ᠬᠠᠷᠢᠶᠠᠯᠠᠯ ᠨᠢ ᠲᠣᠳᠤᠷᠬᠠᠢ ᠪᠠᠶᠢᠬᠤ ᠬᠡᠷᠡᠭᠲᠡᠢ︔ ᠤᠭ ᠪᠦᠲᠦᠭᠡᠯᠲᠡ ᠪᠤᠶᠤ | ᠬᠠᠤᠯᠢ ᠶᠣᠰᠤᠭᠠᠷ ᠬᠤᠷᠢᠶᠠᠨ ᠬᠠᠳᠠᠭᠠᠯᠠᠵᠤ᠂ ᠬᠡᠪᠯᠡᠯ ᠤᠨ ᠡᠷᠬᠡ ᠶᠢᠨ ᠵᠢᠭᠤᠷᠠᠭᠠᠨ ᠦᠭᠡᠢ ᠪᠠᠶᠢᠬᠤ ᠬᠡᠷᠡᠭᠲᠡᠢ᠃ | ᠬᠡᠷᠪᠡ ᠪᠤᠰᠤᠳ ᠬᠦᠮᠦᠨ ᠤ ᠬᠦᠷᠦᠭ ᠲᠦᠷᠢ ᠶᠢᠨ ᠡᠷᠭᠡ ᠲᠠᠢ ᠬᠤᠯᠪᠤᠭᠳᠠᠪᠠᠯ ᠨᠢᠭᠡᠨᠳᠡ ᠡᠷᠬᠡ ᠤᠯᠭᠤᠭᠰᠠᠨ ᠢ | ᠪᠠᠳᠤᠯᠠᠭᠠᠷᠠᠢ᠃ | 3. ᠬᠡᠷᠡᠭᠯᠡᠬᠦ ᠠᠷᠭ᠎ᠠ ᠮᠠᠶ᠋ᠢᠭ᠄ ᠦᠨ᠎ᠡ ᠲᠥᠯᠥᠪᠦᠷᠢ ᠦᠭᠡᠢ ᠪᠠᠷ ᠬᠤᠷᠢᠶᠠᠨ ᠴᠤᠭᠯᠠᠭᠤᠯᠵᠤ ᠭᠡᠷᠡᠯ ᠵᠢᠷᠤᠭ ᠢ | ᠰᠢᠭᠰᠢᠨ ᠰᠣᠩᠭᠤᠭᠰᠠᠨ ᠤ ᠳᠠᠷᠠᠭ᠎ᠠ ᠨᠡᠶᠢᠲᠡ ᠶᠢᠨ ᠠᠰᠠᠷᠠᠮᠵᠢ ᠶᠢᠨ ᠦᠵᠡᠰᠬᠦᠯᠡᠩ ᠳᠤ ᠬᠡᠷᠡᠭᠯᠡᠵᠦ᠂ ᠬᠠᠩᠭᠠᠭᠴᠢ ᠶᠢᠨ | ᠣᠪᠣᠭ ᠨᠡᠷ᠎ᠡ ᠪᠤᠶᠤ ᠪᠠᠶᠢᠭᠤᠯᠭ᠎ᠠ ᠨᠢᠭᠡᠴᠡ ᠶᠢ ᠲᠤᠳᠤᠷᠬᠠᠶᠢᠯᠠᠨ ᠲᠠᠯᠠᠷᠬᠠᠵᠤ ᠪᠠᠶᠢᠬᠤ ᠪᠠᠨ ᠢᠯᠡᠳᠬᠡᠨ᠎ᠡ᠃ | ᠴᠤᠭᠯᠠᠭᠤᠯᠬᠤ ᠴᠠᠭ ᠵᠢᠴᠢ ᠠᠷᠭ᠎ᠠ ᠮᠠᠶ᠋ᠢᠭ | ᠴᠠᠭ᠄ ᠲᠣᠰ ᠡᠳᠦᠷ ᠠᠴᠠ ᠡᠬᠢᠯᠡᠨ 2025 ᠣᠨ ᠤ 5 ᠰᠠᠷ᠎ᠠ ᠶᠢᠨ 20 ᠤ ᠡᠳᠦᠷ ᠪᠣᠯᠲᠠᠯ᠎ᠠ᠃ | ᠡᠯᠧᠺᠲᠷᠣᠨ ᠬᠡᠪᠯᠡᠯ᠄ ᠰᠢᠤᠳᠠᠨ ᠬᠠᠶᠢᠷᠴᠠᠭ dmqwtzb@126.com ᠳᠤ ᠢᠯᠡᠳᠬᠡᠵᠦ᠂ | ᠰᠢᠤᠳᠠᠨ ᠤ ᠭᠠᠷᠴᠠᠭ ᠲᠤ ︽ᠬᠠᠭᠤᠴᠢᠨ ᠭᠡᠷᠡᠯ ᠵᠢᠷᠤᠭ ᠴᠤᠭᠯᠠᠭᠤᠯᠬᠤ + ᠬᠠᠩᠭᠠᠭᠴᠢ ᠶᠢᠨ ᠤᠪᠤᠭ ᠨᠡᠷ᠎ᠡ + | ᠬᠠᠷᠢᠯᠴᠠᠬᠤ ᠠᠷᠭ᠎ᠠ︾ ᠭᠡᠵᠦ ᠲᠤᠳᠤᠷᠬᠠᠶᠢᠯᠠᠨ᠎ᠠ ᠃ | ᠪᠣᠳᠠᠲᠤ ᠴᠣᠭᠴᠠ ᠶᠢᠨ ᠭᠡᠷᠡᠯ ᠵᠢᠷᠤᠭ᠄ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠠᠯᠪᠠᠨ ᠬᠡᠷ ︵ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ | ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ︶ ᠳᠤ ᠬᠦᠷᠭᠡᠵᠦ᠂ ᠤᠤᠯ ᠪᠢᠴᠢᠭ ᠮᠠᠲ᠋ᠧᠷᠢᠶᠠᠯ ᠢ | ᠰᠢᠷᠪᠢᠯᠲᠡ ᠶᠢᠨ ᠳᠠᠷᠠᠭ᠎ᠠ ᠬᠠᠩᠭᠠᠭᠴᠢ ᠳᠤ ᠪᠤᠴᠠᠭᠠᠵᠤ ᠦᠭᠭᠦᠨ᠎ᠡ ᠃ | ᠠᠰᠠᠭᠤᠨ ᠯᠠᠪᠯᠠᠬᠤ ᠤᠲᠠᠰᠤ᠄ 13848527797 ︵ᠬᠠᠷᠢᠯᠴᠠᠬᠤ ᠬᠥᠮᠦᠨ᠄ ᠰᠤᠯᠤᠩᠭᠤᠸ᠎ᠠ︶᠃ | ᠪᠤᠰᠤᠳ ᠲᠠᠶᠢᠯᠪᠤᠷᠢ | ᠰᠣᠩᠭᠤᠭᠳᠠᠭᠰᠠᠨ ᠭᠡᠷᠡᠯ ᠵᠢᠷᠤᠭ ᠢ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠭᠴᠠ ᠶᠢ ᠪᠠᠳᠤ ᠴᠤᠭᠴᠠᠯᠠᠬᠤ ᠰᠣᠶᠣᠯ ᠤᠨ ᠪᠦᠳᠦᠭᠡᠯ ᠤᠨ ᠣᠷᠳᠣᠨ︾ ᠳᠤ | ᠲᠡᠯᠭᠡᠨ ᠦᠵᠡᠬᠦᠯᠵᠦ᠂ ᠬᠤᠳᠠᠯᠳᠤᠭᠠᠨ ᠤ ᠪᠤᠰᠤ ᠨᠡᠢᠲᠡ ᠶᠢᠨ ᠠᠰᠠᠷᠠᠮᠵᠢ ᠶᠢᠨ ᠤᠬᠠᠭᠤᠯᠭ᠎ᠠ ᠳᠤ ᠬᠡᠷᠡᠭᠯᠡᠨ᠎ᠡ᠃ | ᠬᠠᠩᠭᠠᠭᠴᠢ ᠳᠤ ᠳᠤᠷᠠᠰᠬᠠᠯ ᠤᠨ ᠦᠨᠡᠮᠯᠡᠯ ᠤᠯᠭᠤᠬᠤ ᠮᠥᠷᠲᠡᠭᠡᠨ ᠲᠤᠰᠬᠠᠢ ᠰᠡᠳᠦᠪᠲᠦ ᠦᠵᠡᠰᠭᠦᠯᠡᠩ ᠤᠨ | ᠡᠬᠢᠯᠡᠯᠲᠡ ᠶᠢᠨ ᠠᠵᠢᠯᠯᠠᠭ᠎ᠠ ᠳᠤ ᠣᠷᠣᠯᠴᠠᠬᠤ ᠵᠠᠪᠰᠢᠶᠠᠨ ᠲᠠᠢ᠃ | ᠥᠷᠭᠡᠨ ᠤᠯᠠᠨ ᠺᠠᠳ᠋ᠷ ᠤᠯᠠᠨ ᠲᠦᠮᠡᠨ ᠢᠳᠡᠪᠬᠢᠲᠡᠢ ᠪᠠᠷ ᠣᠷᠣᠯᠴᠠᠵᠤ᠂ ᠨᠤᠲᠤᠭ ᠤᠰᠤᠨ ᠤ ᠪᠠᠨ | ᠳᠤᠷᠠᠰᠤᠮᠵᠢ ᠶᠢ ᠬᠠᠮᠲᠤ ᠪᠠᠷ ᠰᠠᠬᠢᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ | ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︕ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ | 2025 ᠣᠨ ᠤ 4 ᠰᠠᠷ᠎ᠠ | | | | |