4ᠰᠠᠷ᠎ᠠ ᠶᠢᠨ 30 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠣᠯᠵᠣᠵᠤ᠂ ︽ᠬᠠᠶᠢᠷ᠎ᠠ︾ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠣᠯᠵᠤᠭ᠎ᠠ ᠶᠢ ᠬᠠᠮᠳᠤ ᠪᠠᠷ ᠶᠠᠪᠤᠭᠤᠯᠤᠶ᠎ᠠ︕
ᠨᠡᠶᠢᠲᠡᠯᠡᠭᠰᠡᠨ ᠴᠠᠭ᠄
2025/4/30
      ᠣᠳᠤᠨ ᠮᠡᠴᠢᠳ  ᠲᠠᠢ ᠬᠠᠮᠳᠤ  ᠬᠡᠷᠡᠯᠳᠦᠵᠦ᠂      ᠠᠭᠤᠯᠠ  ᠤᠰᠤ ᠲᠠᠢ ᠤᠮᠠᠷᠠᠳᠤ ᠬᠢᠯᠢ ᠶᠢᠨ ᠡᠭᠡ ᠭᠠᠵᠠᠷ ᠲᠤ᠂      ᠨᠢᠭᠡ ᠵᠦᠢᠯ ᠤᠨ ᠢᠲᠡᠭᠡᠯ ᠪᠢᠰᠢᠷᠡᠯ ᠂      ᠴᠠᠭ ᠤᠷᠤᠨ ᠵᠠᠢ ᠶᠢ ᠲᠤᠭᠤᠯᠤᠨ᠂      ᠭᠠᠯ ᠬᠠᠯᠠᠭᠤᠨ ᠬᠡᠪ ᠢᠶᠠᠷ ᠢᠶᠠᠨ ᠪᠠᠶᠢᠳᠠᠭ ︔      ᠨᠢᠭᠡ ᠵᠦᠢᠯ ᠤᠨ ᠬᠦᠴᠦᠨ ᠴᠢᠳᠠᠯ᠂      ᠣᠨ ᠴᠠᠭ ᠤᠨ ᠳᠠᠪᠲᠠᠯᠲᠠ ᠶᠢ  ᠦᠩᠭᠡᠷᠡᠭᠡᠭᠡᠳ᠂      ᠢᠮᠠᠭᠲᠠ ᠳᠠᠪᠠᠯᠭᠠᠯᠠᠵᠤ  ᠪᠠᠶᠢᠳᠠᠭ᠃      ᠡᠨᠡ ᠪᠤᠯ ᠳᠠᠷᠬᠠᠨ ᠮᠤᠤᠮᠢᠩᠭᠠᠨ ᠤ ᠲᠠᠯ᠎ᠠ ᠨᠤᠳᠤᠭ᠂      ᠪᠠᠭᠠᠳᠤᠷᠴᠤᠳ ᠤᠨ ᠴᠢᠰᠤ ᠪᠠᠨ ᠤᠷᠤᠰᠬᠠᠭᠰᠠᠨ ᠭᠠᠵᠠᠷ᠂      ᠦᠨᠳᠦᠰᠦᠲᠡᠨ ᠤ ᠪᠥᠯᠬᠦᠮᠳᠡᠯ ᠤᠨ ᠴᠡᠴᠡᠭ ᠤᠨ ᠰᠢᠮᠡᠳᠦ ᠬᠥᠷᠥᠰᠥ ᠃      ᠨᠡᠩ ᠴᠦ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠬᠥᠪᠡᠭᠦᠳ ᠥᠬᠢᠳ  ᠤᠨ      ᠨᠠᠮ ᠳᠠᠭᠠᠨ  ᠲᠠᠩᠭᠠᠷᠢᠭᠯᠠᠭᠰᠠᠨ ᠭᠡᠷᠡᠴᠢ︕      ᠢᠲᠡᠭᠡᠯ ᠪᠢᠰᠢᠷᠡᠯ ᠤᠨ ᠬᠦᠴᠦᠨ  ᠨᠢ      ᠳᠤᠮᠳᠠᠳᠤ ᠶᠢᠨ ᠦᠨᠳᠦᠰᠦᠲᠡᠨ ᠤ ᠤᠳᠤᠮ ᠤᠭᠰᠠᠭ᠎ᠠ ᠶᠢᠨ ᠤᠯᠠᠮᠵᠢᠯᠠᠯ ᠲᠠᠢ ᠤᠴᠠᠷᠠᠬᠤ ᠦᠶ᠎ᠡ ᠳᠤ       ᠶᠠᠮᠠᠷ ᠶᠠᠩᠵᠤ ᠶᠢᠨ ᠤᠴᠢ ᠭᠠᠷᠬᠤ ᠪᠣᠢ︖      ᠦᠨᠡᠨᠴᠢ ᠰᠢᠳᠤᠷᠭᠤ ᠪᠠᠷ ᠪᠠᠲᠤ  ᠰᠠᠬᠢᠭᠰᠠᠨ ᠦᠯᠢᠭᠡᠷ ᠶᠤᠮ ᠤᠤ︖      ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠳᠤ ᠪᠠᠨ ᠭᠡᠰᠡᠨ ᠬᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠭᠡᠭᠰᠡᠨ ᠶᠠᠪᠤᠳᠠᠯ ᠶᠤᠮ  ᠤᠤ︖       ᠡᠰᠡᠬᠦᠯ᠎ᠡ  ᠦᠨᠳᠦᠰᠦᠲᠡᠨ ᠤ ᠪᠦᠯᠬᠦᠮᠳᠡᠯ ᠤᠨ ᠲᠡᠦᠬᠡ ᠶᠢᠨ ᠰᠠᠶᠢᠬᠠᠨ  ᠵᠤᠭᠤᠭ ᠤᠤ︖       ᠠᠵᠢᠯᠯᠠᠭ᠎ᠠ ᠶᠢᠨ ᠨᠡᠷᠡᠶᠢᠳᠦᠯ᠄ ︽ᠤᠮᠠᠷᠠᠲᠤ ᠬᠢᠯᠢ ᠳᠠᠬᠢ ᠬᠠᠶᠢᠷ᠎ᠠ ᠲᠤᠷᠠᠰᠤᠯ︾ ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠦᠵᠡᠯ ᠰᠠᠨᠠᠭ᠎ᠠ ᠤᠯᠤᠰ ᠲᠦᠷᠦ ᠶᠢᠨ ᠤᠬᠠᠭᠤᠯᠤᠨ ᠲᠠᠶᠢᠯᠪᠤᠷᠢᠯᠠᠬᠤ ᠡᠬᠢᠯᠡᠯᠲᠡ ᠶᠢᠨ ᠶᠣᠰᠣᠯᠠᠯ      ᠠᠵᠢᠯᠯᠠᠭ᠎ᠠ ᠶᠢᠨ ᠴᠠᠭ᠄ 2025 ᠣᠨ ᠤ 4 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨᠠᠬᠢ 3᠄ 00     ᠠᠵᠢᠯᠯᠠᠭᠠᠨ ᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠨᠢᠭᠡᠳᠦᠭᠡᠷ  ᠲᠠᠪᠬᠤᠷᠭ᠎ᠠ ᠶᠢᠨ ᠲᠣᠭᠯᠠᠯᠲᠠ ᠨᠡᠪᠲᠡᠷᠡᠭᠦᠯᠭᠡ ᠶᠢᠨ ᠲᠢᠩᠬᠢᠮ    
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号