ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 29 ᠤ ᠡᠳᠦᠷ ᠱᠠᠩᠬᠠᠢ ᠳᠤ | ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠦᠲᠦᠭᠡᠨ ᠪᠠᠶᠢᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠠ ᠲᠣᠭᠢᠶᠠᠯ ᠢ ᠠᠮᠵᠢᠨ᠂ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠬᠥᠲᠥᠯᠥᠮᠵᠢ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠬᠢ ᠰᠤᠷᠪᠤᠯᠵᠢ ᠶᠢᠨ ᠴᠢᠳᠠᠮᠵᠢ ᠪᠣᠯᠣᠨ ᠳᠡᠭᠡᠳᠦ ᠳᠡᠰ ᠤᠨ ᠠᠵᠤ ᠦᠢᠯᠡᠰ ᠤᠨ | ᠬᠥᠲᠥᠯᠥᠨ ᠳᠠᠭᠠᠭᠤᠯᠬᠤ ᠴᠢᠳᠠᠮᠵᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠭᠦ ᠪᠥᠮᠪᠥᠷᠴᠡᠭ ᠤᠨ ᠨᠥᠯᠥᠭᠡᠯᠡᠬᠦ | ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ | ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ | ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠵᠣᠬᠢᠶᠠᠮᠠᠯ | ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 29 ᠤ ᠦᠳᠡ ᠶᠢᠨ ᠡᠮᠦᠨ᠎ᠡ᠂ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ | ᠪᠣᠯᠣᠨ ᠬᠤᠳᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠤᠯᠭ᠎ᠠ ᠲᠠᠢ ᠪᠠᠷ ᠰᠢᠦᠢ ᠬᠤᠢ ᠲᠣᠭᠤᠷᠢᠭ ᠲᠤ ᠪᠠᠶᠢᠷᠢᠯᠠᠵᠤ | ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ | ︽ᠮᠦᠸᠧ ᠰᠦ᠋ ᠣᠷᠣᠨ ᠵᠠᠢ︾ ᠪᠣᠯ ᠱᠠᠩᠬᠠᠢ ᠬᠤᠲᠠ ᠶᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ | ᠵᠠᠭᠪᠤᠷ ᠤᠨ ᠲᠤᠰᠬᠠᠢ ᠮᠡᠷᠭᠡᠵᠢᠯ ᠤᠨ ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ᠂ ᠨᠢᠭᠡᠨᠲᠡ 100 ᠭᠠᠷᠤᠢ ᠠᠵᠤ | ᠠᠬᠤᠶᠢᠯᠠᠯ ᠣᠷᠣᠵᠤ ᠰᠠᠭᠤᠪᠠ᠃ ᠰᠢ ᠶᠢᠨ ᠫᠢᠩ ᠠᠳᠡ ᠢᠷᠡᠵᠦ᠂ ᠸᠢᠳᠢᠤ᠋ ᠣᠬᠤᠷ ᠹᠢᠯᠢᠮ ᠢᠶᠠᠷ ᠱᠠᠩᠬᠠᠢ ᠬᠤᠳᠠ ᠶᠢᠨ | ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠭᠤᠣᠯᠳᠠᠯᠭ᠎ᠠ ᠲᠠᠢ | ᠨᠡᠪᠴᠢᠭᠦᠯᠬᠦ ᠠᠵᠤ ᠠᠬᠤᠶᠢᠯᠠᠯ ᠤᠨ ᠲᠣᠮᠣ ᠵᠠᠭᠪᠤᠷ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠲᠠᠨᠢᠯᠴᠠᠭᠤᠯᠭ᠎ᠠ ᠶᠢ ᠰᠣᠨᠣᠰᠪᠠ᠃ | ᠰᠢ ᠶᠢᠨ ᠫᠢᠩ ᠱᠠᠩᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢ ᠢᠳᠡᠪᠬᠢᠲᠡᠢ ᠬᠥᠭᠵᠢᠭᠦᠯᠦᠭᠡᠳ ᠣᠯᠣᠭᠰᠠᠨ | ᠪᠣᠳᠠᠲᠤ ᠦᠷ᠎ᠡ ᠪᠦᠲᠦᠮᠵᠢ ᠶᠢ ᠨᠤᠲᠠᠯᠠᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ | ᠰᠢᠨᠡᠴᠢᠯᠡᠭᠳᠡᠵᠦ᠂ ᠶᠠᠭ ᠥᠷᠨᠢᠭᠦᠨ ᠬᠥᠭᠵᠢᠯᠲᠡ ᠪᠠᠨ ᠤᠭᠲᠤᠵᠤ ᠪᠠᠶᠢᠨ᠎ᠠ᠂ ᠱᠠᠩᠬᠠᠢ ᠬᠤᠲᠠ ᠶᠢᠨ ᠬᠢᠨ ᠲᠣᠮᠣ ᠵᠠᠭᠪᠤᠷ ᠤᠨ | ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢᠶᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ | ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠰᠦᠪᠡᠭᠴᠢᠯᠡᠬᠦ ᠡᠷᠴᠢᠮ ᠢᠶᠠᠨ | ᠴᠢᠩᠭᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ ᠲᠠᠯ᠎ᠠ ᠪᠠᠷ ᠡᠮᠦᠨ᠎ᠡ | ᠡᠩᠨᠡᠭᠡᠨ ᠳᠤ ᠶᠠᠪᠤᠵᠤ᠂ ᠵᠢᠱᠢᠶ᠎ᠡ ᠦᠵᠡᠭᠦᠯᠭᠦ ᠦᠢᠯᠡᠳᠦᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ | ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ᠂ ︽ | ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ︾ ᠭᠤᠣᠯ ᠰᠡᠳᠦᠪᠲᠦ | ᠱᠠᠯᠦ᠋ᠨ ᠳᠤ ᠣᠷᠣᠯᠴᠠᠵᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ︽ᠮᠦᠸᠧ ᠰᠦ᠋ ᠣᠷᠣᠨ ᠵᠠᠢ︾ ᠶᠢᠨ 3 ᠳᠠᠪᠬᠤᠷᠭ᠎ᠠ ᠳᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ | ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ︾ ᠭᠤᠣᠯ ᠰᠡᠳᠦᠪᠲᠦ ᠱᠠᠯᠦ᠋ᠨ ᠶᠠᠪᠤᠭᠳᠠᠵᠤ ᠪᠠᠶᠢᠯ᠎ᠠ᠃ ᠰᠢ ᠶᠢᠨ ᠫᠢᠩ | ᠪᠠᠶᠠᠷ ᠲᠠᠢ ᠪᠠᠷ ᠲᠤᠰ ᠱᠠᠯᠦ᠋ᠨ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ | ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠥᠪᠡᠷ ᠤᠨ ᠪᠠᠶᠢᠭ᠎ᠠ | ᠪᠦᠯᠭᠦᠮ ᠤᠨ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠰᠤᠳᠤᠯᠭᠠᠨ ᠥᠷᠨᠢᠭᠦᠯᠵᠦ ᠪᠠᠶᠢᠬᠤ ᠪᠠ ᠠᠵᠤ | ᠦᠢᠯᠡᠰ ᠤᠨ ᠬᠡᠷᠡᠭᠯᠡᠯᠲᠡ ᠶᠢᠨ ᠲᠤᠬᠠᠢ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ ᠤᠯᠠᠨ ᠳᠤ᠂ | ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠪᠠᠷ ᠮᠠᠨᠳᠤᠵᠤ ᠪᠠᠶᠢᠭ᠎ᠠ ᠦᠢᠯᠡᠰ ᠮᠥᠨ᠂ ᠮᠥᠨ ᠴᠤ ᠵᠠᠯᠠᠭᠤᠴᠤᠳ ᠤᠨ | ᠦᠢᠯᠡᠰ ᠮᠥᠨ᠃ ᠪᠢᠳᠡ ᠶᠠᠭ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠶᠠᠭ ᠰᠠᠶᠢᠬᠠᠨ ᠵᠠᠯᠠᠭᠤ ᠨᠢᠭᠡ | ᠦᠶ᠎ᠡ ᠶᠢᠨ ᠬᠢᠨ ᠤ ᠡᠷᠳᠡᠮ ᠴᠢᠳᠠᠪᠤᠷᠢ ᠪᠠᠨ ᠢᠯᠡᠷᠡᠭᠦᠯᠵᠦ᠂ ᠠᠪᠢᠶᠠᠰ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠰᠠᠶᠢᠨ | ᠴᠠᠭ ᠦᠶ᠎ᠡ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠬᠦᠰᠡᠯ ᠡᠷᠡᠮᠡᠯᠵᠡᠯ ᠢ ᠪᠡᠶᠡᠯᠡᠭᠦᠯᠬᠦ ᠳᠤ | ᠵᠠᠯᠠᠭᠤᠴᠤᠳ ᠲᠤ ᠬᠦᠰᠡᠯ ᠡᠷᠡᠮᠡᠯᠵᠡᠯ ᠢᠶᠠᠨ ᠲᠠᠯᠪᠢᠵᠤ ᠪᠠᠶᠢᠨ᠎ᠠ᠃ ᠤᠯᠠᠨ ᠢᠶᠠᠷ ᠢᠶᠠᠨ ᠡᠬᠡ ᠣᠷᠣᠨᠴᠢ ᠰᠡᠳᠬᠢᠯᠭᠡ ᠶᠢ | ᠡᠪᠦᠷᠯᠡᠵᠦ᠂ ᠤᠯᠤᠰ ᠲᠠᠭᠠᠨ ᠵᠢᠳᠬᠦᠬᠦ ᠵᠣᠷᠢᠭ ᠢ ᠡᠪᠦᠷᠯᠡᠨ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ | ᠨᠡᠮᠡᠭᠳᠡᠭᠦᠯᠵᠦ᠂ ᠬᠤᠪᠢ ᠬᠥᠮᠥᠨ ᠤ ᠲᠡᠮᠡᠴᠡᠯ ᠢᠶᠠᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ᠂ | ᠲᠡᠦᠬᠡ ᠶᠢᠨ ᠪᠤᠤᠬᠢᠶ᠎ᠠ ᠶᠢ ᠰᠠᠶᠢᠲᠤᠷ ᠳᠠᠮᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠥᠷᠭᠡᠨ ᠠᠭᠤᠳᠠᠮ ᠲᠠᠪᠴᠠᠩ ᠳᠡᠭᠡᠷ᠎ᠡ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠪᠡ᠃ | ᠳᠠᠷᠠᠭ᠎ᠠ ᠨᠢ᠂ ᠰᠢ ᠶᠢᠨ ᠫᠢᠩ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ | ᠳᠡᠯᠭᠡᠭᠦᠷ ᠲᠤ ᠣᠷᠣᠪᠠ᠃ ᠯᠠᠩᠭᠦᠢ ᠳᠡᠭᠡᠷ᠎ᠡ ᠲᠠᠯᠪᠢᠭᠠᠰᠤᠲᠠᠢ ᠣᠶᠤᠨᠴᠢ ᠨᠢᠳᠦᠨ ᠰᠢᠯ᠂ ᠣᠶᠤᠨᠴᠢ ᠬᠡᠦᠬᠡᠳ ᠤᠨ | ᠲᠣᠭᠯᠠᠭᠠᠮ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠶᠢᠨ ᠦᠢᠯᠡᠳᠬᠦᠨ ᠨᠦᠭᠦᠳ ᠠᠩᠬᠠᠷᠤᠯ ᠢ ᠤᠨᠴᠠᠭᠠᠢ | ᠲᠠᠲᠠᠵᠤ ᠪᠠᠶᠢᠯ᠎ᠠ᠂ ᠰᠢ ᠶᠢᠨ ᠫᠢᠩ ᠦᠢᠯᠡᠳᠬᠦᠨ ᠤ ᠴᠢᠳᠠᠮᠵᠢ ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠨᠠᠷᠢᠨ | ᠣᠶᠢᠯᠠᠭᠠᠭᠰᠠᠨ ᠪᠥᠭᠡᠳ ᠪᠠᠰᠠ ᠤᠷᠮ᠎ᠠ ᠲᠠᠢ ᠪᠠᠷ ᠨᠢᠭᠡᠨ ᠣᠶᠤᠨᠴᠢ ᠨᠢᠳᠦᠨ ᠰᠢᠯ ᠢ ᠠᠪᠴᠤ ᠵᠡᠭᠦᠨ ᠪᠡᠶᠡᠴᠢᠯᠡᠨ | ᠣᠶᠢᠯᠠᠭᠠᠪᠠ᠃ ᠲᠡᠷᠡ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ | ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ᠂ ᠵᠣᠬᠢᠶᠠᠮᠠᠯ ᠤᠶᠤᠨ ᠴᠢᠳᠠᠪᠤᠷᠢ ᠶᠢᠨ | ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠩ ᠤᠯᠠᠨ ᠠᠮᠤᠷ ᠲᠦᠪᠰᠢᠨ ᠨᠠᠶᠢᠳᠠᠪᠤᠷᠢᠲᠠᠢ ᠴᠢᠨᠠᠷ ᠰᠠᠶᠢᠲᠠᠢ | ᠦᠢᠯᠡᠳᠬᠦᠨ ᠢ ᠴᠢᠷᠮᠠᠶᠢᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃ | ᠠᠶᠠᠷᠯᠠᠬᠤ ᠦᠶ᠎ᠡ ᠳᠤ᠂ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠪᠣᠯᠣᠨ ᠠᠵᠤ ᠠᠬᠤᠶᠢᠯᠠᠯ ᠤᠨ ᠠᠵᠢᠯᠲᠠᠳ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ | ᠠᠮᠤᠷ ᠢ ᠠᠰᠠᠭᠤᠵᠤ᠂ ᠶᠡᠷᠦᠩᠬᠡᠢ ᠱᠦᠵᠢ ᠶᠢᠨ ᠳᠠᠭᠢᠭᠠᠳ ᠢᠷᠡᠬᠦ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ ᠤᠯᠠᠨ ᠤ ᠵᠦᠭ ᠪᠠᠶᠢᠨ ᠲᠠᠭᠢᠨ ᠭᠠᠷ ᠳᠠᠯᠠᠯᠤᠨ ᠮᠡᠨᠳᠦᠴᠢᠯᠡᠵᠦ᠂ ᠤᠯᠠᠨ ᠤ ︽5 · 1︾ ᠤ | ᠬᠥᠳᠡᠯᠮᠦᠷᠢᠴᠢᠳ ᠤᠨ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠥᠩᠭᠡᠷᠡᠭᠦᠯᠬᠦ ᠶᠢ ᠵᠥᠩᠨᠡᠵᠦ᠂ ᠤᠯᠠᠨ ᠢ ᠲᠠᠰᠤᠷᠠᠯᠳᠠ | ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |